ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠣᠯᠠᠨ ᠴᠢᠳᠠᠪᠤᠷᠢᠲᠠᠨ ᠢ ᠬᠦᠮᠦᠵᠢᠬᠦᠯᠬᠦ ᠬᠡᠷᠡᠭᠳᠡᠢ
ᠨᠡᠶᠢᠲᠡᠯᠡᠭᠰᠡᠨ ᠴᠠᠭ᠄
2020/9/2
      ᠰᠢᠤᠢ ᠢᠦᠢ ᠶᠣᠣ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠳᠤ᠂ ᠡᠵᠡᠩᠨᠡᠬᠦ ᠳᠡᠭᠡᠨ ᠴᠢᠳᠠᠮᠠᠭᠠᠶ ︽ᠲᠠᠷᠢᠶᠠᠯᠠᠩ ᠤᠨ ᠰᠢᠨ᠎ᠡ ᠶᠢ ᠡᠭᠦᠳᠦᠭᠴᠢ︾᠂ ᠮᠡᠷᠭᠡᠵᠢᠯ ᠮᠡᠳᠡᠳᠡᠭ ︽ᠲᠠᠷᠢᠶᠠᠯᠠᠩ ᠤᠨ ᠮᠡᠷᠭᠡᠵᠢᠯᠳᠡᠨ︾   ᠱᠠᠭᠠᠷᠳᠠᠬᠳᠠᠨ᠎ᠠ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠨᠢ ᠬᠥᠮᠦᠨ ᠳᠤ ᠪᠤᠢ᠃ ᠥᠨᠥᠳᠦᠷ᠂ ᠮᠠᠰᠢᠨᠴᠢᠯᠠᠭᠰᠠᠨ ᠲᠠᠷᠢᠶᠠᠯᠠᠩ᠂ ᠪᠣᠬᠢᠷᠲᠤᠯ ᠦᠭᠡᠢ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠵᠡᠷᠭᠡ ᠨᠢ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ ᠮᠡᠲᠦ ᠬᠤᠶᠢᠨ᠎ᠠ ᠬᠤᠶᠢᠨ᠎ᠠ ᠠᠴᠠ ᠪᠠᠨ ᠴᠣᠯᠭᠤᠷᠠᠨ ᠭᠠᠷᠴᠦ ᠪᠠᠶᠢᠨ᠎ᠠ︔ ᠮᠠᠰᠢᠨ ᠬᠥᠮᠦᠨ ᠥᠷᠭᠡᠰᠦᠲᠦ ᠬᠡᠮᠬᠡ ᠲᠡᠭᠦᠬᠦ᠂ ︽ᠡᠭᠦᠯᠡᠨ ᠦᠵᠦᠭᠦᠷ︾ ᠢ ᠠᠰᠢᠬᠯᠠᠨ ᠪᠡᠯᠴᠢᠭᠡᠷᠯᠡᠬᠦᠯᠬᠦ ᠪᠠ ᠲᠡᠵᠢᠭᠡᠬᠦ ᠶᠢ ᠬᠠᠮᠢᠶᠠᠷᠬᠤ᠂ ᠣᠶᠤᠨᠴᠢ ᠲᠠᠷᠢᠶᠠᠯᠠᠩ ᠤᠨ ᠲᠣᠮᠣ ᠳ᠋ᠠᠶᠢᠲ᠋ᠠ ᠶᠢᠨ ᠲᠠᠪᠴᠠᠩ ᠵᠡᠷᠭᠡ ︽ᠢᠨᠲ᠋ᠧᠷ ᠰᠦᠯᠵᠢᠶ᠎ᠡ +︾ ᠲᠠᠷᠢᠶᠠᠯᠠᠩ ᠤᠨ ᠬᠡᠷᠡᠭᠯᠡᠯᠲᠡ ᠶᠢᠨ ᠮᠡᠷᠭᠡᠵᠢᠯ ᠲᠠᠰᠤᠷᠠᠯᠲᠠ ᠥᠬᠡᠶ ᠭᠠᠷᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠬᠤ ᠶᠠᠪᠤᠳᠠᠯ ᠨᠡᠩ ᠲᠤᠯᠭᠠᠮ᠎ᠠ ᠪᠣᠯᠵᠦ ᠪᠠᠶᠢᠨ᠎ᠠ᠃ ᠬᠡᠷᠬᠢᠨ ᠨᠤᠲᠤᠭ ᠲᠠᠭᠠᠨ ᠪᠤᠴᠠᠭᠰᠠᠨ ᠴᠢᠳᠠᠪᠤᠷᠢᠲᠠᠨ ᠤ ᠴᠢᠳᠠᠮᠠᠭᠠᠶ ᠴᠢᠨᠠᠷ ᠢ ᠬᠦᠢᠴᠡᠳ ᠪᠠᠳᠠᠷᠠᠭᠤᠯᠬᠤ ᠶᠠᠪᠤᠳᠠᠯ ᠨᠢ ᠡᠯ᠎ᠡ ᠭᠠᠵᠠᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠴᠢᠬᠤᠯᠠ ᠰᠡᠳᠦᠪ ᠪᠣᠯᠵᠠᠶ᠃  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠨᠢᠭᠡᠨ ᠲᠤᠮᠤ ᠶᠠᠪᠤᠳᠠᠯ ᠮᠥᠨ᠂ ᠡᠯ᠎ᠡ ᠲᠦᠷᠦᠯ ᠤᠨ ᠴᠢᠳᠠᠪᠤᠷᠢᠲᠠᠨ ᠢᠷᠡᠵᠦ ᠪᠢᠴᠢᠭᠯᠡᠭᠦ ᠬᠡᠷᠡᠭ ᠲᠠᠢ ᠶᠤᠮ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠬᠦ ᠶᠢ ᠠᠬᠢᠭᠤᠯᠬᠤ ᠳᠤ᠂ ᠪᠢᠳᠡᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ᠂ ᠬᠠᠮᠢᠶᠠᠷᠤᠯᠲᠠ ᠶᠢᠨ ᠴᠢᠳᠠᠪᠤᠷᠢᠲᠠᠨ ᠢ ᠬᠥᠮᠦᠵᠢᠭᠦᠯᠬᠦ ᠶᠠᠪᠤᠳᠠᠯ ᠱᠠᠭᠠᠷᠳᠠᠭᠳᠠᠬᠤ ᠮᠦ᠋ᠷᠳᠡᠭᠡᠨ ᠪᠠᠰᠠ ᠤᠷᠠᠨ ᠳᠠᠷᠬᠠᠨ᠂ ᠨᠤᠲᠤᠭ ᠤᠨ ᠤᠷᠠᠯᠢᠭᠴᠢᠳ ᠢ ᠠᠭᠤᠳᠠᠯᠬᠤ ᠶᠠᠪᠤᠳᠠᠯ ᠱᠠᠭᠠᠷᠳᠠᠭᠳᠠᠨ᠎ᠠ︔ ᠤᠷᠢᠶᠠᠯᠠᠬᠤ ᠬᠦᠴᠦᠨ ᠲᠠᠢ ᠳᠠᠭᠠᠭᠤᠯᠤᠭᠴᠢ᠂ ᠠᠵᠢᠯᠯᠠᠬᠤ ᠬᠦᠴᠦᠨ ᠲᠠᠢ ᠬᠦᠰᠡᠯ ᠵᠡᠭᠦᠳᠦ ᠪᠠᠨ ᠬᠥᠭᠡᠭᠡᠴᠡᠯᠳᠦᠭᠴᠢ ᠱᠠᠭᠠᠷᠳᠠᠭᠳᠠᠬᠤ ᠮᠦᠷᠳᠡᠭᠡᠨ ᠪᠠᠰᠠ ᠡᠵᠡᠩᠨᠡᠬᠦ ᠳᠡᠭᠡᠨ ᠴᠢᠳᠠᠮᠠᠭᠠᠶ ︽ᠲᠠᠷᠢᠶᠠᠯᠠᠩ ᠤᠨ ᠰᠢᠨ᠎ᠡ ᠶᠢ ᠡᠭᠦᠳᠦᠭᠴᠢ︾᠂ ᠮᠡᠷᠭᠡᠵᠢᠯ ᠮᠡᠳᠡᠳᠡᠭ ︽ᠲᠠᠷᠢᠶᠠᠯᠠᠩ ᠤᠨ ᠮᠡᠷᠭᠡᠵᠢᠯᠳᠡᠨ︾ ᠱᠠᠭᠠᠷᠳᠠᠬᠳᠠᠨ᠎ᠠ᠃ ᠭᠠᠭᠴᠠᠬᠦ ᠬᠥᠳᠡᠭᠡ ᠲᠣᠰᠬᠤᠨ ᠤ ᠴᠢᠳᠠᠪᠤᠷᠢᠲᠠᠨ ᠢ ᠦᠨᠡᠯᠡᠬᠦ ᠲᠣᠭᠲᠠᠴᠠ ᠶᠢᠨ ᠬᠤᠪᠢᠰᠤᠯᠲᠠ ᠶᠢ ᠢᠳᠡᠪᠬᠢᠲᠡᠢ ᠠᠬᠢᠭᠤᠯᠵᠤ᠂ ᠰᠤᠷᠤᠯᠭ᠎ᠠ ᠶᠢᠨ ᠨᠠᠮᠲᠠᠷ ᠢ ᠯᠠ ᠡᠷᠬᠢᠮᠯᠡᠬᠦ᠂ ᠬᠢᠷᠢ ᠬᠡᠮ ᠢ ᠯᠡ ᠡᠷᠬᠢᠮᠯᠡᠬᠦ᠂ ᠥᠭᠦᠯᠡᠯ ᠢ ᠯᠡ ᠡᠷᠬᠢᠮᠯᠡᠬᠦ᠂ ᠱᠠᠩᠨᠠᠯ ᠢ ᠯᠠ ᠡᠷᠬᠢᠮᠯᠡᠬᠦ ᠬᠡᠯᠪᠡᠷᠢᠯ ᠢ ᠠᠷᠢᠯᠭᠠᠪᠠᠯ ᠰᠠᠶ᠋ᠢ ᠡᠷᠳᠡᠮᠳᠡᠨ ᠮᠡᠷᠭᠡᠳ ᠲᠤ ᠣᠷᠣᠬᠤ ᠵᠠᠮ ᠥᠷᠭᠡᠨ ᠢᠶᠠᠷ ᠨᠡᠭᠡᠭᠡᠨ ᠦᠭᠴᠦ᠂ ᠳᠡᠯᠡᠬᠡᠶ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠥᠷᠭᠡᠨ ᠢᠶᠠᠷ ᠴᠤᠭᠯᠠᠭᠤᠯᠵᠤ᠂ ᠬᠥᠳᠡᠭᠡ ᠲᠣᠰᠬᠤᠨ ᠳᠤ ᠲᠥᠷᠥᠭᠰᠡᠨ ᠨᠤᠲᠤᠭ ᠤᠨ ᠴᠢᠳᠠᠪᠤᠷᠢᠲᠠᠨ᠂ ᠳᠥᠷᠪᠡᠨ ᠵᠦᠭ ᠨᠠᠢᠮᠠᠨ ᠵᠣᠪᠬᠢᠰ ᠤᠨ ᠬᠦᠳᠡᠭᠡ ᠪᠠᠭᠤᠬᠰᠠᠨ ᠴᠢᠳᠠᠪᠤᠷᠢᠲᠠᠨ ᠢ ᠰᠠᠨᠠᠭ᠎ᠠ ᠠᠮᠤᠷ ᠬᠦᠳᠡᠭᠡ ᠲᠤᠰᠬᠤᠨ ᠳᠤ ᠠᠵᠢᠯᠯᠠᠭᠤᠯᠵᠤ᠂ ᠬᠦᠭᠵᠢᠬᠦᠯᠬᠦ ᠳᠤ ᠨᠠᠩ ᠢᠲᠡᠭᠡᠯ ᠲᠠᠢ ᠪᠤᠯᠭᠠᠵᠤ ᠴᠢᠳᠠᠨ᠎ᠠ᠃  ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠳᠤ᠂ ᠴᠢᠳᠠᠪᠤᠷᠢᠲᠠᠨ ᠢ ᠲᠠᠨᠢᠵᠤ᠂ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠮᠥᠷᠲᠡᠭᠡᠨ ᠪᠠᠰᠠ ᠴᠢᠳᠠᠪᠤᠷᠢᠲᠠᠨ ᠢ ᠣᠶᠢᠯᠠᠭᠠᠵᠤ᠂ ᠴᠢᠳᠠᠪᠤᠷᠢᠲᠠᠨ ᠢ ᠬᠠᠶᠢᠷᠠᠯᠠᠬᠤ ᠬᠡᠷᠡᠭᠲᠡᠶ᠃ ᠦᠨᠦᠳᠦᠷ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠲᠠᠰᠤᠷᠠᠯᠲᠠ ᠦᠭᠡᠢ ᠴᠣᠯᠭᠤᠷᠠᠨ ᠭᠠᠷᠴᠤ᠂ ᠬᠥᠮᠦᠵᠢᠭᠦᠯᠵᠦ ᠳᠡᠶᠢᠯᠬᠦ ᠴᠢᠳᠠᠪᠤᠷᠢᠲᠠᠨ ᠴᠤ ᠤᠯᠠᠮ ᠢᠶᠠᠷ ᠤᠯᠠᠰᠢᠷᠠᠵᠤ ᠤᠯᠠᠨ ᠡᠰᠢᠵᠢᠵᠦ ᠪᠠᠶᠢᠨ᠎ᠠ᠃ ᠥᠭᠦᠯᠡᠯ᠂ ᠰᠤᠷᠤᠯᠭ᠎ᠠ ᠶᠢᠨ ᠨᠠᠮᠲᠠᠷ ᠨᠢ ᠬᠡᠯᠡᠯᠭᠡᠨ ᠦᠭᠡᠢ ᠴᠢᠳᠠᠪᠤᠷᠢᠲᠠᠨ ᠢ ᠦᠨᠡᠯᠡᠬᠦ ᠴᠢᠬᠤᠯᠠ ᠪᠠᠷᠢᠮᠵᠢᠶ᠎ᠠ ᠮᠥᠨ᠂ ᠭᠡᠪᠡᠴᠦ ᠨᠢᠭᠡ ᠯᠠ ᠪᠠᠷᠢᠮᠵᠢᠶ᠎ᠡ ᠪᠠᠷ ᠨᠠᠩ ᠣᠯᠠᠨ ᠲᠠᠯ᠎ᠠ ᠶᠢᠨ ᠴᠢᠳᠠᠪᠤᠷᠢ ᠶᠢ ᠬᠡᠮᠵᠢᠵᠦ ᠭᠠᠷᠭᠠᠵᠤ ᠲᠡᠶᠢᠯᠬᠦ ᠦᠭᠡᠢ᠃ ᠬᠤᠲᠠ ᠪᠠᠷ ᠠᠪᠴᠤ ᠬᠡᠯᠡᠪᠡᠯ᠂ ᠡᠯᠧᠺᠲᠷᠣᠨ ᠬᠤᠳᠠᠯᠳᠤᠭᠠᠨ ᠤ ᠭᠤᠣᠯ ᠨᠡᠪᠲᠡᠷᠡᠭᠦᠯᠦᠭᠴᠢ ᠶᠢ ᠣᠨᠴᠠᠭᠠᠢ ᠴᠢᠳᠠᠪᠤᠷᠢᠲᠠᠨ ᠤ ᠬᠤᠪᠢ ᠪᠠᠷ ᠱᠠᠩᠬᠠᠢ ᠳᠤ ᠡᠷᠦᠬᠡ ᠠᠮᠠ ᠣᠷᠣᠭᠤᠯᠵᠤ ᠪᠣᠯᠬᠤ ᠶᠤᠮ ᠪᠣᠯ᠂ ᠲᠦᠷᠭᠡᠨ ᠬᠦᠷᠭᠡᠭᠴᠢ ᠨᠢ ᠬᠠᠩᠵᠧᠦ ᠳᠤ ᠳᠡᠭᠡᠳᠦ ᠲᠡᠰ ᠤᠨ ᠴᠢᠳᠠᠪᠤᠷᠢᠲᠠᠨ ᠢᠶᠠᠷ ᠦᠵᠡᠭᠳᠡᠵᠦ ᠪᠠᠶᠢᠨ᠎ᠠ ᠃ ᠲᠡᠭᠡᠪᠡᠯ ᠬᠥᠳᠡᠭᠡ ᠲᠣᠰᠬᠤᠨ ᠳᠤ ᠪᠠᠰᠠ ᠦᠢᠯᠡᠳᠦᠯᠭᠡ ᠪᠠᠷ ᠤᠳᠤᠷᠢᠳᠤᠮᠵᠢ ᠪᠣᠯᠭᠠᠭᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠪᠤᠢ ᠪᠣᠯᠭᠠᠵᠤ᠂ ᠰᠢᠨ᠎ᠡ ᠮᠠᠶ᠋ᠢᠭ ᠤᠨ ᠴᠢᠳᠠᠪᠤᠷᠢᠲᠠᠨ ᠳᠤ ᠨᠠᠩ ᠰᠠᠶᠢᠨ ᠨᠥᠬᠦᠴᠡᠯ ᠪᠠ ᠬᠥᠭᠵᠢᠯᠲᠡ ᠶᠢᠨ ᠣᠷᠣᠨ ᠵᠠᠶ ᠬᠠᠩᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠯᠳᠠ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠳᠡᠢ᠃  ᠥᠨᠥᠳᠦᠷ᠂ ᠲᠠᠷᠢᠶᠠᠯᠠᠩ ᠤᠨ ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠴᠢᠨᠠᠷ ᠨᠡᠩ ᠴᠢᠩᠭᠠᠷᠠᠵᠤ  ᠪᠤᠢ᠃ ᠡᠳᠦᠷᠵᠢᠨ ᠲᠠᠷᠢᠶᠠᠨ ᠭᠠᠵᠠᠷ ᠲᠠᠭᠠᠨ ᠰᠢᠷᠭᠠᠭᠤ ᠬᠠᠳᠠᠭᠤᠵᠢᠯᠳᠡᠢ ᠪᠠᠷ ᠬᠦᠳᠡᠯᠮᠦᠷᠢᠯᠡᠳᠡᠭ ᠲᠠᠷᠢᠶᠠᠴᠢᠳ ᠲᠤ ᠬᠤᠪᠢᠷᠠᠯᠲᠠ ᠭᠠᠷᠴᠤ ᠪᠠᠶᠢᠭ᠎ᠠ ᠪᠤᠯᠬᠤᠷ᠂ ᠲᠠᠷᠢᠶᠠᠯᠠᠩ ᠤᠨ ᠴᠢᠳᠠᠪᠤᠷᠢᠲᠠᠨ ᠴᠤ ᠨᠠᠩ ᠨᠡᠷ᠎ᠡ ᠲᠥᠷᠥ ᠲᠠᠢ ᠶᠠᠪᠤᠵᠤ ᠬᠠᠷᠠᠭᠠᠯᠵᠠᠯ ᠬᠦᠷᠳᠡᠬᠦ ᠶᠤᠰᠤᠳᠠᠢ ᠶᠤᠮ᠃ ᠡᠨᠡ ᠵᠢᠯ᠂ ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠢᠦᠶ ᠬᠠᠩ ᠲᠣᠭᠤᠷᠢᠭ ᠤᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠠᠯᠪᠠᠨ ᠵᠠᠷ ᠨᠡᠶᠢᠲᠡᠯᠡᠵᠦ᠂ ᠬᠠᠷᠢᠶ᠎ᠠ ᠬᠥᠳᠡᠭᠡ ᠲᠣᠰᠬᠤᠨ ᠳᠤ ᠪᠦᠬᠦ ᠤᠯᠤᠰ ᠲᠤᠳᠤᠷ᠎ᠠ ᠠᠴᠠ ᠬᠥᠳᠡᠭᠡ ᠲᠣᠰᠬᠤᠨ ᠤ ᠠᠵᠢᠯ ᠮᠡᠷᠭᠡᠵᠢᠯ ᠤᠨ ᠳᠠᠭᠠᠭᠠᠮᠠᠯ ᠤᠷᠢᠵᠤ᠂ ᠠᠮᠵᠢᠯᠲᠠ ᠪᠦᠲᠦᠮᠵᠢ ᠶᠢᠨ ᠱᠠᠩᠨᠠᠯ ᠢ ᠨᠢ ᠬᠠᠮᠤᠭ ᠥᠨᠳᠥᠷ ᠲᠡᠭᠡᠨ ᠵᠠᠭᠤᠨ ᠲᠦᠮᠡᠨ ᠲᠥᠭᠦᠷᠢᠭ ᠦᠭᠭᠦᠨ᠎ᠡ ᠬᠡᠪᠡ᠃ ᠣᠳᠣᠬᠠᠨ ᠳᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠠᠴᠠ ᠪᠦᠷᠢᠯᠳᠦᠬᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠤᠷᠮᠠᠰᠢᠭᠤᠯᠬᠤ ᠣᠷᠴᠢᠨ ᠲᠣᠭᠤᠷᠢᠨ ᠴᠦ ᠲᠡᠷᠡ᠂ ᠡᠰᠡᠬᠦᠯ᠎ᠡ ᠮᠠᠰᠢ ᠣᠯᠠᠨ ᠬᠥᠳᠡᠭᠡ ᠲᠣᠰᠬᠤᠨ ᠪᠣᠯᠤᠨ ᠠᠵᠤ ᠦᠢᠯᠡᠰ ᠤᠨ ᠴᠢᠳᠠᠪᠤᠷᠢᠲᠠᠨ ᠤᠷᠤᠭᠤᠯᠤᠨ ᠠᠪᠴᠢᠷᠠᠵᠤ ᠪᠠᠶᠢᠬᠤ ᠠᠵᠢᠯᠯᠠᠭ᠎ᠠ ᠴᠦ ᠲᠡᠷᠡ᠂ ᠴᠦᠮ ᠲᠠᠷᠢᠶᠠᠯᠠᠩ ᠤᠨ ᠴᠢᠳᠠᠪᠤᠷᠢᠲᠠᠨ ᠳᠤ ᠨᠡᠩ ᠥᠷᠭᠡᠨ ᠳᠡᠯᠭᠡᠷ ᠬᠥᠭᠵᠢᠯᠲᠡ ᠶᠢᠨ ᠠᠷᠭ᠎ᠠ ᠮᠦᠷ ᠬᠠᠩᠭᠠᠵᠤ᠂ ᠡᠨᠡ ᠬᠦ ᠡᠷᠲᠡᠨ ᠤ ᠤᠯᠠᠮᠵᠢᠯᠠᠯᠲᠤ ᠠᠵᠢᠯ ᠲᠥᠷᠥᠯ ᠢ ᠨᠠᠩ ᠶᠡᠭᠡ ᠲᠠᠲᠠᠬᠤ ᠬᠦᠴᠦᠨ ᠲᠠᠢ ᠪᠣᠯᠭᠠᠵᠦ ᠪᠠᠶᠢᠭ᠎ᠠ ᠶᠤᠮ᠃ ᠭᠠᠭᠴᠠ ᠬᠦ ᠠᠭᠤᠳᠠᠮᠴᠢ ᠪᠠᠭᠲᠠᠭᠠᠮᠵᠢᠲᠠᠶ᠂ ᠬᠥᠮᠦᠨ ᠤ ᠴᠢᠳᠠᠪᠤᠷᠢ ᠶᠢ ᠪᠦᠷᠢᠨ ᠪᠠᠳᠠᠷᠠᠭᠤᠯᠬᠤ ᠣᠷᠴᠢᠨ ᠲᠣᠭᠤᠷᠢᠨ ᠲᠠᠢ᠂ ᠡᠳᠦᠷ ᠠᠴᠠ ᠡᠳᠦᠷ ᠥᠭᠡᠳᠡᠯᠡᠨ ᠲᠠᠪᠰᠢᠬᠤ᠂ ᠶᠡᠭᠡ ᠦᠢᠯᠡᠰ ᠪᠦᠲᠦᠭᠡᠵᠦ ᠪᠣᠯᠬᠤ ᠠᠯᠤᠰ ᠤᠨ ᠪᠤᠳᠤᠯ ᠲᠠᠢ ᠪᠠᠷ ᠲᠡᠳᠡᠨ ᠤ ᠬᠥᠳᠡᠭᠡ ᠲᠣᠰᠬᠤᠨ ᠳᠤ ᠦᠨᠳᠦᠰᠦ ᠬᠠᠳᠬᠤᠬᠤ ᠬᠠᠳᠠᠨ ᠵᠣᠷᠢᠭ ᠢ ᠨᠢ ᠪᠠᠲᠤᠳᠬᠠᠪᠠᠯ ᠰᠠᠶ᠋ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠱᠠᠭᠠᠷᠳᠠᠬᠳᠠᠬᠤ ᠡᠯ᠎ᠡ ᠵᠦᠢᠯ ᠤᠨ ᠡᠬᠢ ᠪᠠᠶᠠᠯᠢᠭ ᠤᠨ ᠡᠯᠧᠮᠧᠨ᠋ᠲ ᠢ ᠴᠤᠬᠯᠠᠷᠠᠭᠤᠯᠵᠤ᠂ ᠨᠡᠩ ᠶᠡᠭᠡ ᠠᠵᠢᠯ ᠦᠢᠯᠡᠰ ᠤᠨ ᠲᠠᠪᠴᠠᠩ ᠢ ᠪᠠᠶᠢᠭᠤᠯᠵᠤ ᠴᠢᠳᠠᠨ᠎ᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号