ᠰᠤᠷᠭᠠᠨ ᠬᠥᠮᠦᠵᠢᠯ ᠤᠨ ᠶᠠᠮᠤᠨ ᠶᠡᠭᠡ ᠳᠡᠭᠡᠳᠦ ᠰᠤᠷᠭᠠᠭᠤᠯᠢ ᠶᠢ ᠨᠡᠷᠡᠶᠢᠳᠭᠦ ᠠᠵᠢᠯ ᠢ ᠵᠢᠷᠤᠮᠵᠢᠭᠤᠯᠪᠠ᠄ ᠰᠤᠷᠭᠠᠭᠤᠯᠢ ᠶᠢᠨ ᠪᠠᠶᠢᠭ᠎ᠠ ᠬᠤᠲᠠ ᠠᠴᠠ ᠭᠠᠳᠠᠨᠠᠬᠢ ᠭᠠᠵᠠᠷ ᠣᠷᠣᠨ ᠤ ᠨᠡᠷ᠎ᠡ ᠶᠢ ᠲᠠᠯᠪᠢᠵᠤ ᠪᠣᠯᠬᠤ ᠥᠬᠡᠶ
ᠨᠡᠶᠢᠲᠡᠯᠡᠭᠰᠡᠨ ᠴᠠᠭ᠄
2020/9/2
      ᠠᠷᠠᠳ ᠤᠨ ᠰᠦᠯᠵᠢᠶ᠎ᠡ ᠶᠢᠨ ᠪᠡᠭᠡᠵᠢᠩ ᠤᠨ 8 ᠰᠠᠷ᠎ᠠ ᠶᠢᠨ 31 ᠤ ᠡᠳᠦᠷ ᠤᠨ ᠮᠡᠳᠡᠭᠡ ︵ᠰᠦᠨ ᠵᠢᠩ︶ ᠲᠦᠷᠦᠭᠦᠬᠡᠨ᠂ ᠶᠡᠭᠡ ᠲᠡᠭᠡᠲᠦ ᠰᠤᠷᠭᠠᠭᠤᠯᠢ ᠶᠢ ᠨᠡᠷᠡᠶᠢᠳᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠶᠡᠭᠡ ᠲᠡᠭᠡᠲᠦ ᠰᠤᠷᠭᠠᠭᠤᠯᠢ ᠪᠠᠶᠢᠭᠤᠯᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠭᠠᠨ ᠬᠥᠮᠦᠵᠢᠯ ᠤᠨ ᠶᠠᠮᠤᠨ ︽ᠶᠡᠭᠡ ᠲᠡᠭᠡᠲᠦ ᠰᠤᠷᠭᠠᠭᠤᠯᠢ ᠶᠢ ᠨᠡᠷᠡᠶᠢᠳᠬᠦ ᠲᠤᠬᠠᠢ ᠲᠦᠷ ᠬᠡᠷᠡᠭᠵᠢᠭᠦᠯᠬᠦ ᠠᠷᠭ᠎ᠠ︾ ᠶᠢ ᠰᠤᠳᠤᠯᠤᠨ ᠲᠣᠭᠲᠠᠭᠠᠭᠰᠠᠨ ᠪᠥᠭᠡᠳ ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ ︽ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠭᠰᠡᠨ ᠤ ᠳᠠᠷᠠᠭᠠᠬᠢ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ᠂ ᠲᠤᠰᠠᠭᠠᠷ ᠪᠠᠶᠢᠭᠤᠯᠤᠭᠰᠠᠨ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠲᠤᠰᠬᠠᠶ ᠮᠡᠷᠭᠡᠵᠢᠯ ᠤᠨ ᠲᠠᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠵᠢᠴᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢ ᠨᠡᠷᠡᠶᠢᠳᠬᠦ ᠠᠵᠢᠯ ᠳᠤ ᠲᠤᠬᠢᠷᠠᠭᠤᠯᠤᠨ ᠬᠡᠷᠡᠭᠯᠡᠨ᠎ᠡ᠃      ︽ᠲᠦᠷ ᠬᠡᠷᠡᠭᠵᠢᠭᠦᠯᠬᠦ ᠠᠷᠭ᠎ᠠ︾ ᠳᠤ᠂ ᠶᠡᠭᠡ ᠲᠡᠭᠡᠲᠦ ᠰᠤᠷᠭᠠᠭᠤᠯᠢ ᠶᠢ ᠨᠡᠷᠡᠶᠢᠳᠭᠦ ᠳᠤ ᠨᠡᠷ᠎ᠠ ᠨᠢ ᠪᠤᠳᠠᠳᠠᠢ ᠲᠠᠢ ᠨᠡᠶᠢᠴᠡᠭᠦ᠂ ᠣᠨᠣᠪᠴᠢᠲᠠᠶ ᠵᠢᠷᠤᠮᠵᠢᠭᠤᠨ ᠪᠠᠶᠢᠬᠤ ᠶᠢ ᠪᠠᠷᠢᠮᠲᠠᠯᠠᠵᠤ᠂ ᠰᠤᠷᠭᠠᠭᠤᠯᠢ ᠡᠷᠬᠢᠯᠡᠬᠦ ᠤᠢᠢᠯᠠᠭᠠᠬᠳᠠᠬᠤᠨ ᠢ ᠢᠯᠡᠷᠡᠭᠦᠯᠵᠦ᠂ ᠠᠭᠤᠯᠤᠭᠳᠠᠬᠤᠨ ᠣᠨᠴᠠᠯᠢᠭ ᠢ ᠨᠢ ᠲᠤᠪᠤᠶᠢᠯᠭᠠᠵᠤ᠂ ᠶᠡᠭᠡ ᠳᠤ ᠰᠢᠨᠤᠬᠠᠶᠢᠷᠠᠨ ᠪᠦᠷᠢᠨ ᠪᠠᠶᠢᠬᠤ ᠶᠢ ᠬᠥᠭᠡᠭᠡᠴᠡᠯᠳᠦᠬᠦ ᠠᠴᠠ ᠵᠠᠶᠢᠯᠠᠰᠬᠢᠬᠦ ᠬᠡᠷᠡᠭᠲᠡᠶ᠃ ᠴᠢᠳᠠᠪᠤᠷᠢᠲᠠᠨ ᠬᠥᠮᠦᠵᠢᠭᠦᠯᠬᠦ ᠬᠠᠷᠠᠯᠲᠠ᠂ ᠰᠤᠷᠭᠠᠭᠤᠯᠢ ᠡᠷᠬᠢᠯᠡᠬᠦ ᠳᠡᠰ ᠳᠠᠪᠬᠤᠷᠭ᠎ᠠ᠂ ᠬᠡᠪᠴᠢᠶ᠎ᠡ᠂ ᠲᠥᠷᠥᠯ ᠬᠡᠯᠪᠡᠷᠢ᠂ ᠬᠢᠴᠢᠶᠡᠯ ᠲᠥᠷᠥᠯ᠂ ᠵᠢᠭᠠᠨ ᠰᠤᠷᠭᠠᠯᠲᠠ ᠡᠷᠲᠡᠮ ᠰᠢᠡᠵᠢᠯᠡᠭᠡᠨ ᠤ ᠬᠢᠷᠢ ᠲᠦᠪᠰᠢᠨ᠂ ᠬᠠᠷᠢᠶᠠᠯᠠᠭᠳᠠᠬᠤ ᠬᠠᠷᠢᠴᠠᠭ᠎ᠠ᠂ ᠪᠠᠶᠢᠭ᠎ᠠ ᠭᠠᠵᠠᠷ ᠵᠡᠷᠭᠡ ᠶᠢ ᠦᠨᠳᠦᠰᠦᠯᠡᠨ ᠨᠡᠷᠡᠶᠢᠳᠦᠯ ᠢ ᠲᠤᠬᠳᠠᠭᠠᠵᠤ᠂ ᠨᠢᠭᠡ ᠰᠤᠷᠭᠠᠭᠤᠯᠢ ᠳᠤ ᠨᠢᠭᠡ ᠨᠡᠷ᠎ᠠ ᠲᠠᠢ ᠪᠠᠶᠢᠬᠤ ᠳᠦᠷᠢᠮ ᠢ ᠬᠡᠷᠡᠭᠵᠢᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃      ︽ᠲᠦᠷ ᠬᠡᠷᠡᠭᠵᠢᠭᠦᠯᠬᠦ ᠠᠷᠭ᠎ᠠ︾ ᠳᠤ ᠶᠡᠭᠡ ᠲᠡᠭᠡᠲᠦ ᠰᠤᠷᠭᠠᠭᠤᠯᠢ ᠶᠢᠨ ᠨᠡᠷᠡᠶᠢᠳᠦᠯ ᠳᠤ ᠤᠷᠤᠨ ᠪᠦᠰᠡ ᠶᠢᠨ ᠨᠡᠷᠡᠶᠢᠳᠦᠯ ᠤᠨ ᠦᠰᠦᠭ᠂ ᠰᠢᠨᠵᠢᠯᠡᠭᠡᠨ ᠤ ᠰᠠᠯᠠᠭ᠎ᠠ ᠪᠤᠶᠤ ᠠᠵᠢᠯ ᠲᠥᠷᠥᠯ ᠤᠨ ᠨᠡᠷᠡᠶᠢᠳᠦᠯ ᠤᠨ ᠥᠰᠥᠭ᠂ ᠠᠩᠭ᠍ᠯᠢ ᠬᠡᠯᠡᠨ ᠤ ᠣᠷᠴᠢᠭᠤᠯᠭ᠎ᠠ ᠶᠢᠨ ᠨᠡᠷ᠎ᠡ ᠵᠡᠷᠭᠡ ᠶᠢ ᠬᠡᠷᠡᠭᠯᠡᠬᠦ ᠲᠤᠬᠠᠶ ᠲᠣᠳᠣᠷᠬᠠᠶ ᠵᠢᠷᠤᠮᠵᠢᠯ ᠳᠤᠷᠠᠳᠪᠠ᠃ ᠳᠤᠮᠳᠠᠳᠤ ᠤᠯᠤᠰ ᠵᠢᠴᠢ ᠳᠡᠯᠡᠬᠡᠶ ᠳ᠋ᠠᠬᠢᠨ ᠢ ᠲᠥᠯᠥᠭᠡᠯᠡᠭᠰᠡᠨ ᠬᠡᠷᠡᠭᠯᠡᠵᠦ ᠳᠠᠳᠤᠭᠰᠠᠨ ᠦᠰᠦᠭ ᠪᠠ ᠲᠤᠮᠤ ᠣᠷᠣᠨ ᠵᠢᠴᠢ ᠲᠤᠮᠤ ᠣᠷᠣᠨ ᠤ ᠬᠤᠪᠢᠯᠪᠤᠷᠢ ᠦᠰᠦᠭ ᠢ ᠬᠡᠷᠡᠭᠯᠡᠵᠦ ᠪᠣᠯᠬᠤ ᠦᠭᠡᠢ︔ ᠰᠤᠷᠭᠠᠭᠤᠯᠢ ᠶᠢᠨ ᠪᠠᠶᠢᠭ᠎ᠠ ᠬᠤᠳᠠ ᠠᠴᠠ ᠭᠠᠳᠠᠨᠠᠬᠢ ᠭᠠᠵᠠᠷ ᠣᠷᠣᠨ ᠤ ᠨᠡᠷ᠎ᠡ ᠶᠢ ᠲᠠᠯᠪᠢᠵᠤ ᠪᠣᠯᠬᠤ ᠤᠢᠭᠡᠢ︔ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠢᠯᠡᠭᠰᠡᠨ ᠰᠤᠷᠭᠠᠭᠤᠯᠢ ᠶᠢ ᠮᠤᠵᠢ ᠶᠢᠨ ᠬᠡᠪᠴᠢᠶ᠎ᠡ ᠪᠠᠷ ᠨᠡᠷᠡᠶᠢᠳᠴᠦ ᠪᠣᠯᠤᠨ᠎ᠠ᠂ ᠪᠤᠰᠤᠳ ᠰᠤᠷᠭᠠᠭᠤᠯᠢ ᠳᠤ ᠦᠨᠡᠨᠬᠦ ᠮᠤᠵᠢ ᠶᠢᠨ ᠬᠡᠪᠴᠢᠶᠡᠨ ᠤ ᠨᠡᠷᠡᠶᠢᠳᠦᠯ ᠢ ᠬᠡᠷᠡᠭᠯᠡᠬᠦ ᠴᠢᠬᠤᠯᠠᠲᠠᠶ ᠪᠠᠶᠢᠪᠠᠯ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠬᠠᠷᠢᠭᠤᠴᠠᠬᠤ ᠬᠡᠷᠡᠭᠲᠡᠢ᠂ ᠭᠡᠪᠡᠴᠦ ᠰᠤᠷᠭᠠᠭᠤᠯᠢ ᠶᠢᠨ ᠪᠠᠶᠢᠭ᠎ᠠ ᠭᠠᠵᠠᠷ ᠢ ᠨᠡᠷᠡᠶᠢᠳᠦᠯ ᠳᠡᠭᠡᠨ ᠲᠣᠳᠣᠷᠬᠠᠶᠢᠯᠠᠬᠤ ᠬᠡᠷᠡᠭᠲᠡᠢ᠃ ᠡᠷᠬᠡ ᠣᠯᠭᠤᠭᠰᠠᠨ ᠦᠭᠡᠢ ᠪᠠᠶᠢᠳᠠᠯ ᠲᠤᠤᠷ᠎ᠠ᠂ ᠪᠤᠰᠤᠳ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠤ ᠡᠵᠡᠮᠰᠢᠵᠦ ᠪᠠᠶᠢᠭ᠎ᠠ ᠲᠠᠸᠠᠷ ᠤᠨ ᠲᠡᠮᠳᠡᠭᠲᠦ᠂ ᠨᠡᠷᠡᠶᠢᠳᠦᠯ ᠵᠡᠷᠭᠡ ᠶᠢ ᠬᠡᠷᠡᠭᠯᠡᠵᠦ ᠪᠣᠯᠬᠤ ᠥᠬᠡᠶ᠂ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ ᠶᠢᠨ ᠬᠢᠲᠠᠳ ᠬᠡᠯᠡᠨ ᠤ ᠣᠷᠴᠢᠭᠤᠯᠭ᠎ᠠ ᠶᠢᠨ ᠨᠡᠷ᠎ᠡ ᠪᠠ ᠲᠣᠪᠴᠢ ᠨᠡᠷᠡᠶᠢᠳᠦᠯ ᠢ ᠬᠡᠷᠡᠭᠯᠡᠵᠦ ᠪᠣᠯᠬᠤ ᠥᠬᠡᠶ᠃ ᠲᠠᠷᠢᠶᠠᠯᠠᠩ ᠤᠢ ᠰᠢᠭᠤᠶ᠂ ᠪᠠᠭᠰᠢ ᠶᠢᠨ ᠳᠡᠭᠡᠳᠦ ᠰᠤᠷᠭᠠᠭᠤᠯᠢ ᠶᠢ ᠨᠡᠶᠢᠯᠡᠭᠦᠯᠬᠦ ᠪᠠ ᠲᠣᠬᠢᠷᠠᠭᠤᠯᠤᠯᠳᠠ ᠬᠢᠭᠦ ᠦᠶ᠎ᠡ ᠳᠤ ᠵᠠᠷᠴᠢᠮ ᠳᠡᠭᠡᠷ᠎ᠡ ᠪᠠᠨ ᠲᠠᠷᠢᠶᠠᠯᠠᠩ ᠤᠢ ᠰᠢᠭᠤᠶ᠂ ᠪᠠᠭᠰᠢ ᠶᠢᠨ ᠰᠤᠷᠭᠠᠭᠤᠯᠢ ᠶᠢᠨ ᠨᠡᠷᠡᠶᠢᠳᠦᠯ ᠢ ᠦᠷᠭᠦᠯᠵᠢᠯᠡᠨ ᠦᠯᠡᠳᠡᠭᠡᠭᠦ ᠬᠡᠷᠡᠭᠲᠡᠢ︔ ᠣᠯᠠᠨ ᠰᠢᠨᠵᠢᠯᠡᠭᠡᠨ ᠤ ᠰᠠᠯᠠᠭ᠎ᠠ ᠪᠤᠶᠤ ᠠᠵᠢᠯ ᠲᠥᠷᠥᠯ ᠤᠨ ᠲᠥᠷᠥᠯ ᠢᠯᠭᠠᠯ ᠵᠡᠷᠭᠡᠴᠡᠨ ᠣᠷᠣᠰᠢᠬᠤ ᠦᠵᠡᠭᠳᠡᠯ ᠭᠠᠷᠬᠤ ᠠᠴᠠ ᠵᠠᠶᠢᠯᠠᠰᠬᠢᠵᠦ᠂ ᠵᠠᠷᠴᠢᠮ ᠳᠡᠭᠡᠷ᠎ᠡ ᠪᠠᠨ 2 ᠠᠴᠠ ᠬᠡᠲᠦᠷᠡᠭᠦᠯᠵᠦ ᠪᠣᠯᠬᠤ ᠥᠬᠡᠶ︔ ᠠᠳᠠᠯᠢ ᠰᠢᠨᠵᠢᠯᠡᠭᠡᠨ ᠤ ᠰᠠᠯᠠᠭ᠎ᠠ ᠪᠤᠶᠤ ᠠᠵᠢᠯ ᠲᠥᠷᠥᠯ ᠤᠨ ᠥᠰᠥᠭ ᠢ ᠬᠡᠷᠡᠭᠯᠡᠬᠦ ᠦᠶᠡᠰ᠂ ᠮᠤᠵᠢ ᠶᠢᠨ ᠬᠡᠪᠴᠢᠶᠡᠨ ᠳᠤ ᠬᠤᠪᠢᠶᠠᠷᠢ ᠶᠢᠨ ᠬᠡᠮᠵᠢᠶ᠎ᠡ ᠲᠠᠢ ᠪᠠᠶᠢᠬᠤ ᠬᠡᠷᠡᠭᠲᠡᠶ᠃ ᠠᠩᠭ᠍ᠯᠢ ᠬᠡᠯᠡᠨ ᠤ ᠣᠷᠴᠢᠭᠤᠯᠭ᠎ᠠ ᠶᠢᠨ ᠨᠡᠷ᠎ᠡ ᠪᠣᠯᠤᠨ ᠬᠢᠲᠠᠳ ᠬᠡᠯᠡᠨ ᠤ ᠨᠡᠷ᠎ᠡ ᠨᠢᠭᠡᠳᠦᠯᠲᠡᠶ ᠪᠠᠶᠢᠬᠤ ᠬᠡᠷᠡᠭᠲᠡᠢ᠃ ᠰᠤᠷᠭᠠᠭᠤᠯᠢ ᠶᠢᠨ ᠬᠢᠲᠠᠳ ᠨᠡᠷᠡᠶᠢᠳᠦᠯ ᠤᠨ ᠳᠣᠲᠣᠷ᠎ᠠ ᠣᠨᠴᠠᠭᠠᠶ ᠠᠭᠤᠯᠭ᠎ᠠ ᠲᠠᠢ ᠦᠰᠦᠭ ᠤᠳ ᠢ ᠠᠪᠢᠶᠠᠴᠢᠯᠠᠨ ᠣᠷᠴᠢᠭᠤᠯᠵᠤ ᠪᠣᠯᠤᠨ᠎ᠠ᠃      ︽ᠲᠦᠷ ᠬᠡᠷᠡᠭᠵᠢᠭᠦᠯᠬᠦ ᠠᠷᠭ᠎ᠠ︾ ᠳᠤ᠂ ᠶᠡᠭᠡ ᠲᠡᠭᠡᠲᠦ ᠰᠤᠷᠭᠠᠭᠤᠯᠢ ᠶᠢ ᠵᠠᠷᠴᠢᠮ ᠳᠡᠭᠡᠷ᠎ᠡ ᠪᠠᠨ ᠬᠤᠪᠢ ᠬᠥᠮᠦᠨ ᠤ ᠣᠪᠣᠭ ᠨᠡᠷ᠎ᠡ ᠪᠠᠷ ᠨᠡᠷᠡᠶᠢᠳᠴᠦ ᠪᠣᠯᠬᠤ ᠥᠬᠡᠶ᠃ ᠡᠷᠬᠡ ᠣᠯᠭᠤᠭᠰᠠᠨ ᠤᠢᠭᠡᠢ ᠪᠠᠷ ᠪᠤᠰᠤᠳ ᠶᠡᠭᠡ ᠳᠡᠭᠡᠳᠦ ᠰᠤᠷᠭᠠᠭᠤᠯᠢ ᠶᠢᠨ ᠬᠡᠷᠡᠭᠯᠡᠵᠦ ᠥᠩᠭᠡᠷᠡᠭᠰᠡᠨ ᠨᠡᠷᠡᠶᠢᠳᠦᠯ ᠢ ᠬᠡᠷᠡᠭᠯᠡᠵᠦ ᠪᠣᠯᠬᠤ ᠤᠢᠭᠡᠢ᠃ ᠲᠤᠰᠠᠭᠠᠷ ᠳᠡᠭᠡᠳᠦ ᠰᠤᠷᠭᠠᠭᠤᠯᠢ ᠠᠴᠠ ᠰᠢᠯᠵᠢᠭᠦᠯᠦᠨ ᠪᠠᠶᠢᠭᠤᠯᠤᠭᠰᠠᠨ ᠲᠤᠰᠠᠭᠠᠷ ᠪᠠᠶᠢᠭᠤᠯᠤᠭᠰᠠᠨ ᠰᠤᠷᠭᠠᠭᠤᠯᠢ ᠶᠢᠨ ᠨᠡᠷᠡᠶᠢᠳᠦᠯ ᠳᠤ ᠤᠤᠯ ᠤᠨ ᠡᠷᠭᠢᠯᠡᠭᠰᠡᠨ ᠰᠤᠷᠭᠠᠭᠤᠯᠢ ᠶᠢᠨ ᠨᠡᠷᠡᠶᠢᠳᠦᠯ ᠵᠢᠴᠢ ᠲᠣᠪᠴᠢ ᠨᠡᠷᠡᠶᠢᠳᠦᠯ ᠢ ᠪᠠᠭᠲᠠᠭᠠᠵᠤ ᠪᠣᠯᠬᠤ ᠥᠬᠡᠶ᠃ ᠶᠡᠭᠡ ᠲᠡᠭᠡᠲᠦ ᠰᠤᠷᠭᠠᠭᠤᠯᠢ ᠶᠢᠨ ᠨᠡᠷᠡᠶᠢᠳᠦᠯ ᠢ ᠲᠣᠭᠲᠠᠭᠤᠨ ᠪᠠᠶᠢᠯᠭᠠᠵᠤ᠂ ᠵᠠᠷᠴᠢᠮ ᠳᠡᠭᠡᠷ᠎ᠡ ᠪᠠᠨ ᠠᠳᠠᠯᠢ ᠲᠡᠰ ᠳᠠᠪᠬᠤᠷᠭ᠎ᠠ ᠶᠢᠨ ᠨᠡᠷᠡᠶᠢᠳᠦᠯ ᠬᠠᠯᠠᠬᠤ ᠠᠯᠤᠰᠯᠠᠯ ᠤᠨ ᠬᠤᠭᠤᠴᠠᠭ᠎ᠠ ᠶᠢ ᠠᠳᠠᠭ ᠲᠠᠭᠠᠨ 10 ᠵᠢᠯ ᠪᠠᠶᠢᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃http://mongol.people.com.cn/15822759.html
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号