ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ - ᠬᠤᠪᠢᠰᠬᠠᠯ ᠤᠨ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠶ᠎ᠠ
ᠨᠡᠶᠢᠲᠡᠯᠡᠭᠰᠡᠨ ᠴᠠᠭ᠄
2020/9/2
     9 ᠳ᠋ᠦ᠋ᠭᠡᠷ ᠰᠠᠷ᠎ᠠ ᠶᠢᠨ 1 ᠤ ᠡᠳᠦᠷ᠂ ᠲᠠᠪᠤᠨ ᠰᠤᠪᠤᠷᠭ᠎ᠠ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ︽ᠬᠤᠪᠢᠰᠬᠠᠯ ᠤᠨ ᠤᠳᠤᠮᠰᠢᠯ ᠢ ᠦᠶ᠎ᠡ ᠶᠢᠨ ᠦᠶ᠎ᠡ ᠳᠤ ᠤᠯᠠᠮᠵᠢᠯᠠᠶ᠎ᠠ︾ ᠪᠠᠷ ᠭᠤᠣᠯ ᠰᠡᠳᠦᠪ ᠪᠣᠯᠭᠠᠭᠰᠠᠨ ︽ᠰᠤᠷᠭᠠᠭᠤᠯᠢ ᠡᠬᠢᠯᠡᠬᠦ ᠨᠢᠭᠡᠳᠦᠭᠡᠷ ᠬᠢᠴᠢᠶᠡᠯ︾ ᠢ ᠡᠷᠬᠢᠯᠡᠵᠦ᠂ ᠬᠤᠪᠢᠰᠬᠠᠯ ᠤᠨ ᠰᠣᠶᠣᠯ ᠤᠨ ᠤᠷᠲᠤ ᠬᠤᠩᠭᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠥᠵᠢᠯ ᠤᠨ ᠦᠵᠡᠭᠦᠯᠭᠡ ᠶᠢ ᠲᠣᠭᠤᠷᠢᠨ ᠦᠵᠡᠬᠦ᠂ ᠤᠯᠤᠰ ᠤᠨ ᠲᠤᠭ ᠲᠠᠢ ᠭᠡᠷᠡᠯ ᠵᠢᠷᠤᠭ ᠲᠠᠲᠠᠭᠤᠯᠬᠤ ᠵᠡᠷᠭᠡ ᠣᠯᠠᠨ ᠬᠡᠯᠪᠡᠷᠢ ᠪᠠᠷ ᠤᠯᠤᠰ ᠢᠶᠠᠨ ᠬᠠᠶᠢᠷᠠᠯᠠᠬᠤ ᠰᠤᠷᠭᠠᠨ ᠬᠥᠮᠥᠵᠢᠯ ᠤᠨ ᠬᠥᠳᠡᠯᠭᠡᠭᠡᠨ ᠥᠷᠨᠢᠭᠦᠯᠵᠦ᠂ ᠬᠡᠦᠬᠡᠳ ᠤᠳ ᠦᠷᠡᠭᠳᠡᠭᠰᠡᠨ ᠪᠠᠭᠠᠲᠤᠷᠴᠤᠳ  ᠢᠶᠠᠨ ᠳᠤᠷᠠᠰᠤᠨ ᠲᠡᠦᠬᠡ ᠪᠠᠨ ᠴᠡᠭᠡᠵᠢᠯᠡᠵᠦ᠂  ᠬᠡᠦᠬᠡᠳ ᠤᠳ ᠢ ᠬᠠᠷᠠᠬᠠᠨ ᠪᠠᠭ᠎ᠠ ᠠᠴᠠ ᠪᠠᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠳᠤᠮᠳᠠᠳᠤ ᠤᠯᠤᠰ ᠢᠶᠠᠨ ᠬᠦᠴᠦᠷᠬᠡᠭᠵᠢᠭᠦᠯᠦᠨ ᠮᠠᠨᠳᠤᠭᠤᠯᠬᠤ ᠠᠮᠢᠳᠤᠷᠠᠯ ᠤᠨ ᠬᠦᠰᠡᠯᠡᠩ ᠲᠠᠢ  ᠪᠣᠯᠭᠠᠨ ᠬᠦᠮᠦᠵᠢᠬᠦᠯᠵᠡᠢ᠃  ︵ᠰᠢᠦᠢ ᠲᠢᠩ ᠰᠡᠭᠦᠳᠡᠷᠯᠡᠪᠡ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号