9 ᠰᠠᠷ᠎ᠠ ᠶᠢᠨ ᠰᠢᠨ᠎ᠡ ᠲᠣᠭᠲᠠᠭᠠᠯ᠄ ᠡᠷᠡᠭᠦᠯᠵᠢᠯ ᠤᠨ ᠡᠮ ᠢ ᠡᠮᠴᠢᠯᠡᠭᠡᠨ ᠤ ᠳᠠᠭᠠᠳᠬᠠᠯ ᠳᠤ ᠣᠷᠣᠭᠤᠯᠵᠤ ᠪᠣᠯᠬᠤ ᠥᠬᠡᠶ ︽ᠬᠠᠳᠠᠭᠤ ᠪᠡᠶᠡᠲᠦ ᠬᠠᠶᠠᠭᠳᠠᠮᠠᠯ ᠪᠣᠳᠠᠰ ᠤᠨ ᠤᠷᠴᠢᠨ ᠲᠤᠭᠤᠷᠢᠨ ᠤ ᠪᠤᠬᠢᠷᠳᠤᠯ ᠢ ᠰᠡᠷᠭᠡᠶᠢᠯᠡᠨ ᠵᠠᠰᠠᠬᠤ ᠲᠡᠤᠬᠡᠨ ᠳᠡᠭᠡᠷᠡᠬᠢ ᠬᠠᠮᠤᠭ ᠤᠨ ᠴᠢᠩᠭ᠎ᠠ ᠬᠠᠤᠯᠢ︾ ᠬᠡᠷᠡᠭᠵᠢᠭᠦᠯᠦᠭᠳᠡᠪᠡ
ᠨᠡᠶᠢᠲᠡᠯᠡᠭᠰᠡᠨ ᠴᠠᠭ᠄
2020/9/2
      ︽ᠬᠠᠳᠠᠭᠤ ᠪᠡᠶᠡᠲᠦ ᠬᠠᠶᠠᠭᠳᠠᠮᠠᠯ ᠪᠣᠳᠠᠰ ᠤᠨ ᠤᠷᠴᠢᠨ ᠲᠤᠭᠤᠷᠢᠨ ᠤ ᠪᠤᠬᠢᠷᠳᠤᠯ ᠢ ᠰᠡᠷᠭᠡᠶᠢᠯᠡᠨ ᠵᠠᠰᠠᠬᠤ ᠲᠡᠤᠬᠡᠨ ᠳᠡᠭᠡᠷᠡᠬᠢ ᠬᠠᠮᠤᠭ ᠤᠨ ᠴᠢᠩᠭ᠎ᠠ ᠬᠠᠤᠯᠢ︾ ᠶᠢ 9 ᠰᠠᠷ᠎ᠠ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯ ᠠᠴᠠ 4 ᠰᠠᠷ᠎ᠠ ᠶᠢᠨ 29 ᠤ ᠡᠳᠦᠷ ᠬᠢᠨᠠᠨ ᠶᠠᠷᠢᠯᠴᠠᠵᠤ ᠪᠠᠲᠤᠯᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠳᠠᠭᠤ ᠪᠡᠶᠡᠲᠦ ᠬᠠᠶᠠᠭᠳᠠᠮᠠᠯ ᠪᠣᠳᠠᠰ ᠤᠨ ᠤᠷᠴᠢᠨ ᠲᠤᠭᠤᠷᠢᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾ ᠶᠢ 2020 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃      ᠰᠢᠨ᠎ᠡ ᠬᠡᠪᠯᠡᠯ ᠤᠨ ᠬᠠᠳᠠᠭᠤ ᠪᠡᠶᠡᠲᠦ ᠬᠠᠶᠠᠭᠳᠠᠮᠠᠯ ᠪᠣᠳᠠᠰ ᠤᠨ ᠤᠷᠴᠢᠨ ᠲᠤᠭᠤᠷᠢᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ ᠳᠤ ᠨᠡᠶᠢᠲᠡ 9 ᠪᠦᠯᠦᠭ 126 ᠵᠦᠢᠯ ᠭᠠᠷᠭᠠᠵᠤ᠂ ᠰᠢᠨ᠎ᠡ ᠪᠠᠷ 41 ᠵᠦᠢᠯ ᠵᠤᠷᠪᠤᠰ ᠢ ᠨᠡᠮᠡᠵᠦ᠂ ︽ᠬᠠᠳᠠᠭᠤ ᠪᠡᠶᠡᠲᠦ ᠬᠠᠶᠠᠭᠳᠠᠮᠠᠯ ᠪᠣᠳᠠᠰ ᠤᠨ ᠤᠷᠴᠢᠨ ᠲᠤᠭᠤᠷᠢᠨ ᠤ ᠪᠤᠬᠢᠷᠳᠤᠯ ᠢ ᠰᠡᠷᠭᠡᠶᠢᠯᠡᠨ ᠵᠠᠰᠠᠬᠤ ᠲᠡᠤᠬᠡᠨ ᠳᠡᠭᠡᠷᠡᠬᠢ ᠬᠠᠮᠤᠭ ᠤᠨ ᠴᠢᠩᠭ᠎ᠠ ᠬᠠᠤᠯᠢ︾ ᠬᠡᠮᠡᠭᠳᠡᠵᠦ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠪᠤᠵᠠᠷ ᠰᠢᠪᠡᠷ᠂ ᠬᠤᠭ ᠨᠣᠪᠰᠢ ᠶᠢ ᠲᠥᠷᠥᠯ ᠬᠤᠪᠢᠶᠠᠬᠤ᠂ ᠪᠠᠷᠢᠯᠭ᠎ᠠ ᠶᠢᠨ ᠬᠤᠭ ᠨᠣᠪᠰᠢ᠂ ᠨᠢᠭᠡ ᠯᠡ ᠤᠳᠠᠭ᠎ᠠ ᠶᠢᠨ ᠴᠢᠨᠠᠷᠲᠠᠶ ᠰᠦᠯᠢᠶᠣᠣ ᠪᠦᠲᠦᠭᠡᠭᠳᠡᠬᠦᠨ ᠵᠡᠷᠭᠡ ᠶᠢ ᠬᠢᠨᠠᠨ ᠬᠠᠮᠢᠶᠠᠷᠬᠤ ᠠᠭᠤᠯᠭ᠎ᠠ ᠶᠢ ᠰᠢᠨ᠎ᠡ ᠪᠠᠷ ᠨᠡᠮᠡᠵᠡᠢ᠃ ᠡᠭᠦᠨ ᠠᠴᠠ ᠭᠠᠳᠠᠨ᠎ᠠ ᠪᠠᠰᠠ ᠰᠢᠳᠭᠡᠵᠦ ᠲᠤᠷᠭᠠᠬᠤ ᠲᠥᠷᠥᠯ ᠵᠦᠢᠯ ᠢ ᠨᠡᠮᠡᠵᠦ᠂ ᠵᠣᠭᠤᠰ ᠢᠶᠠᠷ ᠲᠣᠷᠭᠠᠬᠤ ᠲᠤᠭ᠎ᠠ ᠶᠢ ᠳᠡᠭᠡᠭᠰᠢᠯᠡᠭᠦᠯᠦᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠢᠳᠭᠡᠵᠦ ᠬᠦᠨᠳᠦ ᠪᠠᠷ ᠲᠤᠷᠭᠠᠨ᠎ᠠ ᠭᠡᠵᠡᠢ᠃      ᠡᠷᠡᠭᠦᠯᠵᠢᠯ ᠤᠨ ᠡᠮ ᠢ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠭᠤᠯᠵᠤ ᠪᠣᠯᠬᠤ ᠦᠭᠡᠢ      7 ᠰᠠᠷ᠎ᠠ ᠶᠢᠨ 31 ᠤ ᠡᠳᠦᠷ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ︽ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠬᠡᠷᠡᠭᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠵᠦ᠂ 2020 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠡᠷᠡᠭᠦᠯᠵᠢᠯ ᠤᠨ ᠡᠮ᠂ ᠰᠡᠷᠭᠡᠶᠢᠯᠡᠬᠦ ᠴᠢᠨᠠᠷᠲᠠᠶ ᠸᠠᠺᠼᠢᠨ ᠪᠠ ᠵᠢᠷᠮᠦᠰᠦᠯᠡᠬᠦ ᠶᠢ ᠬᠤᠷᠢᠭᠯᠠᠬᠤ ᠡᠮ ᠵᠢᠴᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠬᠡᠷᠡᠭᠯᠡᠭᠦ ᠲᠣᠭᠲᠠᠭᠠᠯ ᠳᠤ ᠨᠡᠶᠢᠴᠡᠬᠦ ᠦᠭᠡᠶ ᠪᠤᠰᠤᠳ ᠡᠮ ᠢ ︽ᠡᠮ ᠤᠨ ᠭᠠᠷᠴᠠᠭ︾ ᠲᠤ ᠣᠷᠣᠭᠤᠯᠵᠤ ᠪᠣᠯᠬᠤ ᠦᠭᠡᠶ ᠭᠡᠪᠡ᠃      ᠪᠠᠷᠢᠯᠭ᠎ᠠ ᠶᠢᠨ ᠠᠵᠢᠯ ᠬᠢᠭᠰᠡᠨ ᠵᠣᠭᠤᠰ ᠢ ᠦᠭᠭᠦ ᠳᠤ 60 ᠡᠳᠦᠷ ᠠᠴᠠ ᠬᠡᠲᠦᠷᠡᠭᠦᠯᠵᠦ ᠪᠣᠯᠬᠤ ᠦᠭᠡᠢ      7 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ︽ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠢ ᠥᠭᠬᠦ ᠶᠢ ᠪᠠᠲᠤᠯᠠᠬᠤ ᠲᠦᠷᠢᠮ︾ ᠢ ᠨᠡᠶᠢᠲᠡᠯᠡᠵᠦ᠂ 2020 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃      ᠲᠦᠷᠢᠮ ᠳᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠳᠤᠮᠳᠠ ᠵᠢᠵᠢᠭ ᠠᠵᠤ ᠠᠬᠤᠶᠢᠯᠠᠯ ᠠᠴᠠ ᠡᠳ᠋ ᠪᠠᠷᠠᠭ᠎ᠠ᠂   ᠪᠠᠷᠢᠯᠭ᠎ᠠ ᠶᠢᠨ ᠠᠵᠢᠯ᠂ ᠦᠢᠯᠡᠴᠢᠯᠡᠭᠡ ᠬᠤᠳᠠᠯᠳᠤᠨ ᠠᠪᠬᠤ ᠳᠤ ᠡᠳ᠋ ᠪᠠᠷᠠᠭ᠎ᠠ᠂   ᠪᠠᠷᠢᠯᠭ᠎ᠠ ᠶᠢᠨ ᠠᠵᠢᠯ᠂ ᠦᠢᠯᠡᠴᠢᠯᠡᠭᠡ ᠶᠢ ᠲᠤᠰᠢᠶᠠᠨ ᠥᠭᠭᠦᠭᠰᠡᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠵᠣᠭᠤᠰ ᠢ ᠨᠢ ᠥᠭᠬᠦ ᠬᠡᠷᠡᠭᠲᠡᠶ︔ ᠭᠡᠷ᠎ᠡ ᠳᠤ ᠠᠰᠲᠠᠭᠠᠨ ᠪᠣᠯᠵᠣᠨ ᠲᠣᠭᠲᠠᠭᠰᠠᠨ ᠪᠠᠶᠢᠪᠠᠯ᠂ ᠵᠤᠭᠤᠰ ᠦᠭᠭᠦ ᠬᠤᠭᠤᠴᠠᠭ᠎ᠠ ᠶᠢ ᠬᠠᠮᠤᠭ ᠤᠷᠲᠤ ᠳᠠᠭᠠᠨ 60 ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠢ ᠥᠭᠬᠦ ᠶᠢ ᠤᠳᠠᠭᠠᠰᠢᠷᠠᠭᠤᠯᠤᠭᠰᠠᠨ ᠪᠠᠶᠢᠪᠠᠯ᠂ ᠬᠤᠭᠤᠴᠠᠭ᠎ᠠ ᠬᠡᠲᠦᠷᠡᠭᠰᠡᠨ ᠬᠦᠤ ᠮᠥᠩᠭᠦ ᠶᠢ ᠲᠦᠯᠦᠵᠦ ᠦᠭᠭᠦ ᠬᠡᠷᠡᠭᠲᠡᠶ ᠭᠡᠵᠦ ᠲᠤᠳᠤᠷᠬᠠᠢ ᠲᠤᠬᠳᠠᠭᠠᠪᠠ᠃      ᠠᠶᠠᠨᠴᠢᠳ ᠤᠨ ᠲᠡᠭᠡᠭᠡᠪᠦᠷᠢ ᠶᠢᠨ ᠮᠠᠰᠢᠨ ᠵᠠᠮ ᠵᠠᠭᠤᠷ᠎ᠠ ᠤᠷᠤᠵᠤ ᠵᠤᠬᠰᠤᠬᠰᠠᠨ ᠭᠠᠵᠠᠷ ᠲᠠᠭᠠᠨ ᠠᠶᠠᠠᠴᠢᠠ ᠢ ᠪᠠᠭᠤᠯᠭᠠᠵᠤ ᠪᠤᠯᠤᠨ᠎ᠠ      7 ᠰᠠᠷ᠎ᠠ ᠶᠢᠨ 15 ᠤ ᠡᠳᠦᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ︽ᠵᠠᠮ ᠤᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠢ ᠨᠡᠶᠢᠲᠡᠯᠡᠵᠦ᠂ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠠ᠃ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠣᠭᠲᠠᠭᠰᠠᠨ ᠠᠶᠠᠠᠴᠢᠨ ᠭᠠᠷᠭᠠᠬᠤ ᠥᠷᠲᠡᠭᠡ ᠠᠴᠠ ᠭᠠᠳᠠᠨᠠᠭᠢ ᠭᠠᠵᠠᠷ  ᠲᠤ ᠠᠶᠠᠨᠴᠢᠨ ᠢ ᠲᠡᠷᠭᠡᠨ ᠳᠤ ᠭᠠᠷᠭᠠᠬᠤ ᠪᠤᠶᠤ ᠵᠠᠮ ᠳᠠᠭᠠᠤ ᠠᠶᠠᠨᠴᠢᠨ ᠢ ᠲᠠᠲᠠᠵᠤ ᠪᠣᠯᠬᠤ ᠦᠭᠡᠢ᠂ ᠵᠦᠢ ᠶᠣᠰᠣᠨ ᠤ ᠰᠢᠯᠲᠠᠭᠠᠨ ᠦᠭᠡᠢ ᠪᠠᠷ ᠥᠩᠭᠡᠷᠡᠬᠦ ᠵᠠᠮ ᠢ ᠬᠤᠪᠢᠷᠠᠭᠤᠯᠵᠤ ᠪᠣᠯᠬᠤ ᠦᠭᠡᠢ᠃ ᠠᠶᠠᠨᠴᠢᠳ ᠤᠨ ᠲᠡᠭᠡᠭᠡᠪᠦᠷᠢ ᠶᠢᠨ ᠮᠠᠰᠢᠨ ᠨᠢ ᠵᠠᠮ ᠬᠠᠷᠢᠯᠴᠠᠭᠠᠨ ᠤ ᠠᠮᠤᠷ ᠲᠦᠪᠰᠢᠨ᠂ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠲᠣᠭᠲᠠᠭᠠᠯ ᠢ ᠵᠢᠷᠤᠮᠯᠠᠭᠰᠠᠨ ᠤᠷᠢᠲᠠᠯ ᠳᠣᠣᠷ᠎ᠠ᠂ ᠡᠬᠢᠯᠡᠵᠤ ᠠᠶᠠᠯᠠᠬᠰᠠᠨ ᠭᠠᠵᠠᠷ᠂ ᠵᠠᠮ ᠵᠠᠭᠤᠷ᠎ᠠ ᠤᠷᠤᠵᠤ ᠵᠣᠭᠰᠣᠬᠤ ᠭᠠᠵᠠᠷ ᠤᠨ ᠪᠠᠶᠢᠭ᠎ᠠ ᠬᠤᠲᠠ ᠶᠢᠨ ᠲᠣᠭᠤᠷᠢᠭ᠂ ᠰᠢᠶᠠᠨ ᠤ ᠬᠤᠲᠠ ᠶᠢᠨ ᠲᠣᠭᠤᠷᠢᠭ ᠤᠨ ᠵᠠᠮ ᠳᠠᠭᠠᠤ ᠠᠶᠠᠠᠴᠢᠨ ᠢ ᠪᠠᠭᠤᠯᠭᠠᠵᠤ ᠪᠤᠯᠤᠨ᠎ᠠ᠃      ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠤᠨ ᠵᠦᠪᠰᠢᠶᠡᠷᠡᠭᠳᠡᠭᠦ ᠪᠠᠷᠢᠮᠵᠢᠶ᠎ᠠ ᠳᠣᠷᠣᠭᠰᠢᠯᠠᠪᠠ      ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠶᠠᠮᠤᠨ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠰᠢᠨ᠎ᠡ ᠡᠨᠧᠷᠭᠢ ᠬᠡᠷᠡᠭᠯᠡᠬᠦ ᠮᠠᠰᠢᠨ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠦᠢᠯᠡᠳᠬᠦᠨ ᠢ ᠵᠥᠪᠰᠢᠶᠡᠷᠡᠭᠦ ᠲᠤᠬᠠᠢ ᠬᠠᠮᠢᠶᠠᠷᠤᠯᠲᠠ ᠶᠢᠨ ᠲᠣᠭᠲᠠᠭᠠᠯ︾ ᠢ ᠠᠯᠪᠠᠨ ᠶᠣᠰᠣᠭᠠᠷ ᠨᠡᠶᠢᠲᠡᠯᠡᠵᠦ᠂ 2020 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠠ᠃      ︽ᠲᠣᠭᠲᠠᠭᠠᠯ︾ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠤᠨ ᠣᠷᠣᠬᠤ ᠶᠢ ᠵᠥᠪᠰᠢᠶᠡᠷᠡᠬᠦ ᠲᠠᠢ ᠬᠤᠯᠪᠤᠬᠳᠠᠬᠤ ︽ᠵᠢᠷᠤᠭ ᠲᠥᠯᠥᠪᠯᠡᠭᠡ ᠬᠢᠵᠦ ᠨᠡᠭᠡᠭᠡᠨ ᠠᠰᠢᠭᠯᠠᠬᠤ ᠴᠢᠳᠠᠪᠤᠷᠢ︾ ᠶᠢᠨ ᠱᠠᠭᠠᠷᠳᠠᠯᠭ᠎ᠠ ᠶᠢ ᠬᠠᠰᠤᠪᠠ᠃ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠨᠠᠩ ᠰᠠᠶᠢᠲᠤᠷ ᠬᠥᠭᠵᠢᠭᠡᠵᠦ᠂ ᠠᠵᠤ ᠠᠬᠤᠶᠢᠯᠠᠯ ᠢ ᠵᠦᠪᠰᠢᠶᠡᠷᠡᠨ ᠤᠷᠤᠭᠤᠯᠬᠤ ᠪᠠᠷᠢᠮᠵᠢᠶ᠎ᠠ ᠶᠢ ᠪᠠᠭᠤᠷᠠᠭᠤᠯᠬᠤ ᠶᠢᠨ ᠲᠥᠯᠥᠭᠡ᠂ ᠲᠠᠪᠤᠳᠤᠭᠠᠷ ᠵᠦᠢᠯ ᠵᠢᠴᠢ ︽ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠢ ᠵᠦᠪᠰᠢᠶᠡᠷᠡᠨ ᠤᠷᠤᠭᠤᠯᠬᠤ ᠲᠤᠬᠠᠢ ᠬᠢᠨᠠᠨ ᠪᠠᠶᠢᠴᠠᠭᠠᠬᠤ ᠱᠠᠭᠠᠷᠳᠠᠯᠭ᠎ᠠ︾ ᠵᠡᠷᠭᠡ ᠳᠠᠭᠠᠯᠳᠤᠭᠤᠯᠤᠯ ᠳᠣᠲᠣᠷᠠᠬᠢ ︽ᠵᠢᠷᠤᠵᠤ ᠲᠥᠯᠥᠪᠯᠡᠵᠦ ᠨᠡᠭᠡᠭᠡᠨ ᠠᠰᠢᠭᠯᠠᠬᠤ ᠴᠢᠳᠠᠪᠤᠷᠢ︾ ᠶᠢᠨ ᠬᠤᠯᠪᠣᠭᠳᠠᠯ ᠪᠥᠬᠦᠶ ᠠᠭᠤᠯᠭ᠎ᠠ ᠶᠢ ᠬᠠᠰᠤᠪᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号