ᠮᠠᠨ ᠤ ᠬᠤᠲᠠ 2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2020/9/2
      ︵ᠰᠤᠷᠪᠤᠯᠵᠢᠯᠠᠭᠴᠢ ᠯᠢᠶᠠᠩ ᠵᠢᠩ ᠱᠤ᠋︶ 9 ᠳ᠋ᠦ᠋ᠭᠡᠷ ᠰᠠᠷ᠎ᠠ ᠶᠢᠨ 1 ᠤ ᠡᠳᠦᠷ᠂ ᠬᠥᠬᠡᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ︽2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠨ ᠵᠥᠪᠰᠢᠶᠡᠷᠡᠭᠦᠯᠵᠦ᠂ 2021 ᠣᠨ ᠤ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠂ ᠡᠨᠡ ᠤᠳᠠᠭᠠᠨ ᠤ ᠲᠣᠬᠢᠷᠠᠭᠤᠯᠤᠯᠲᠠ ᠶᠢ 9 ᠳ᠋ᠦ᠋ᠭᠡᠷ ᠰᠠᠷ᠎ᠠ ᠶᠢᠨ 1 ᠠᠴᠠ ᠡᠬᠢᠯᠡᠨ ᠬᠡᠷᠡᠭᠵᠢᠭᠦᠯᠦᠨ᠎ᠡ᠃       ᠣᠶᠢᠯᠠᠭᠠᠭᠰᠠᠨ ᠢᠶᠠᠷ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠨᠢ ᠳᠣᠣᠷᠠᠬᠢ ᠮᠡᠲᠦ᠄ ᠪᠦᠬᠦᠯᠢ 18 ᠨᠠᠰᠤ ᠬᠦᠷᠦᠭᠰᠡᠨ ᠰᠤᠷᠭᠠᠭᠤᠯᠢ ᠳᠤ ᠦᠭᠡᠢ ᠬᠤᠲᠠ ᠬᠥᠳᠡᠭᠡ ᠶᠢᠨ ᠰᠠᠭᠤᠭᠠᠯᠢ ᠠᠷᠠᠳ ᠪᠦᠷᠢ ᠵᠢᠯ ᠪᠦᠷᠢ 340 ᠲᠥᠭᠦᠷᠢᠭ᠂ ᠲᠤᠰ ᠬᠥᠮᠥᠨ ᠤ ᠲᠥᠷᠥᠭᠰᠡᠨ ᠡᠳᠦᠷ ᠰᠠᠷ᠎ᠠ ᠠᠴᠠ ᠬᠠᠷᠭᠤᠭᠤᠯᠤᠨ ᠲᠣᠭᠲᠠᠭᠠᠬᠤ ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ︵ᠪᠠᠭᠲᠠᠨ᠎ᠠ︶ ᠢᠶᠠᠷ ᠲᠣᠭᠲᠠᠭᠠᠨ᠎ᠠ᠃ ᠲᠤᠰ ᠬᠤᠲᠠ ᠶᠢᠨ ᠵᠠᠰᠠᠭ ᠵᠠᠬᠢᠷᠭᠠᠨ ᠤ ᠣᠷᠣᠨ ᠳᠣᠲᠣᠷᠠᠬᠢ ᠰᠤᠷᠭᠠᠭᠤᠯᠢ ᠳᠤ ᠪᠠᠶᠢᠭ᠎ᠠ ᠶᠡᠭᠡ ᠰᠣᠷᠭᠠᠭᠤᠯᠢ ᠳᠡᠭᠡᠳᠦ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ᠂ ᠴᠡᠴᠡᠷᠯᠢᠭ ᠤᠨ ᠬᠡᠦᠬᠡᠳ᠂ ᠪᠦᠬᠦᠯᠢ 18 ᠨᠠᠰᠤ ᠬᠦᠷᠦᠭᠡᠳᠦᠢ ᠰᠤᠷᠭᠠᠭᠤᠯᠢ ᠳᠤ ᠰᠠᠭᠤᠵᠤ ᠦᠭᠡᠢ ᠪᠠᠭᠠᠴᠤᠳ ᠬᠡᠦᠬᠡᠳ᠂ ᠰᠠᠶ᠋ᠢ ᠲᠥᠷᠥᠭᠰᠡᠨ ᠬᠡᠦᠬᠡᠳ ︵ᠬᠡᠪᠡᠯᠢ ᠳᠠᠬᠢ ᠬᠡᠦᠬᠡᠳ ᠪᠠᠭᠲᠠᠨ᠎ᠠ︶ ᠬᠥᠮᠥᠨ ᠪᠦᠷᠢ ᠵᠢᠯ ᠪᠦᠷᠢ 280 ᠲᠥᠭᠦᠷᠢᠭ᠃ ᠳᠣᠣᠷᠠᠬᠢ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠪᠦᠷᠢ ᠵᠢᠯ ᠪᠦᠷᠢ 180 ᠲᠥᠭᠦᠷᠢᠭ᠂ ᠵᠥᠷᠢᠬᠦ ᠬᠡᠰᠡᠭ ᠢ ᠬᠤᠲᠠ ᠪᠠ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ 1:1 ᠶᠢᠨ ᠬᠠᠷᠢᠴᠠᠯ ᠢᠶᠠᠷ ᠨᠥᠬᠦᠨ ᠲᠤᠰᠢᠶᠠᠨ᠎ᠠ︔ ᠪᠦᠬᠦᠯᠢ 60 ᠨᠠᠰᠤ ᠬᠦᠷᠦᠭᠰᠡᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠳᠣᠲᠣᠷ᠎ᠠ ᠠᠴᠠ ᠳᠣᠣᠷ᠎ᠠ ᠪᠠᠲᠤᠯᠠᠭᠠᠲᠤ᠂ ᠬᠤᠲᠠ ᠬᠥᠳᠡᠭᠡ ᠶᠢᠨ ︽ᠭᠤᠷᠪᠠ ᠦᠭᠡᠢ︾ ᠬᠥᠮᠥᠨ᠂ ᠬᠥᠳᠡᠭᠡ ᠲᠣᠰᠬᠤᠨ ᠤ ︽ᠲᠠᠪᠤᠨ ᠪᠠᠲᠤᠯᠠᠭᠠᠲᠤ︾ ᠶᠢᠨ ᠡᠲᠡᠭᠡᠳ᠂ ᠦᠷᠡᠭᠳᠡᠭᠰᠡᠨ ᠪᠠᠭᠠᠲᠤᠷ ᠤᠨ ᠭᠡᠷ ᠪᠦᠯᠢ ᠶᠢᠨ ᠬᠢᠨ ᠳᠤ ᠪᠠᠭᠲᠠᠬᠤ︔ ᠬᠦᠨᠳᠦ ᠵᠡᠮᠳᠡᠭ  ︵ᠨᠢᠭᠡ᠂ ᠬᠤᠶᠠᠳᠤᠭᠠᠷ ᠲᠡᠰ︶ ᠰᠠᠭᠤᠭᠠᠯᠢ ᠠᠷᠠᠳ︔ ᠰᠤᠷᠭᠠᠭᠤᠯᠢ ︵ᠴᠡᠴᠡᠷᠯᠢᠭ︶ ᠶᠢᠨ ᠰᠤᠷᠤᠭᠴᠢ ᠬᠡᠦᠬᠡᠳ ᠵᠢᠴᠢ 18 ᠪᠦᠬᠦᠯᠢ ᠨᠠᠰᠤ ᠬᠦᠷᠦᠭᠡᠳᠦᠢ ᠰᠤᠷᠭᠠᠭᠤᠯᠢ ᠳᠤ ᠰᠠᠭᠤᠵᠤ ᠦᠭᠡᠢ ᠪᠠᠭᠠᠴᠤᠳ ᠬᠡᠦᠬᠡᠳ ᠤᠨ ᠳᠣᠲᠣᠷ᠎ᠠ ᠠᠴᠠ ᠳᠣᠣᠷ᠎ᠠ ᠪᠠᠲᠤᠯᠠᠭᠠᠲᠤ᠂ ᠬᠤᠲᠠ ᠬᠥᠳᠡᠭᠡ ᠶᠢᠨ ︽ᠭᠤᠷᠪᠠ ᠦᠭᠡᠢ︾ ᠬᠥᠮᠥᠨ᠂ ᠬᠥᠳᠡᠭᠡ ᠲᠣᠰᠬᠤᠨ ᠤ ︽ᠲᠠᠪᠤᠨ ᠪᠠᠲᠤᠯᠠᠭᠠᠲᠤ︾ ᠶᠢᠨ ᠡᠲᠡᠭᠡᠳ᠂ ᠦᠷᠡᠭᠳᠡᠭᠰᠡᠨ ᠪᠠᠭᠠᠲᠤᠷ ᠤᠨ ᠭᠡᠷ ᠪᠦᠯᠢ ᠶᠢᠨ ᠬᠢᠨ᠂ ᠥᠨᠥᠴᠢᠨ ᠬᠡᠦᠬᠡᠳ ᠲᠤ ᠪᠠᠭᠲᠠᠬᠤ᠃ ᠶᠡᠭᠡ ᠳᠡᠭᠡᠳᠦ ᠰᠤᠷᠭᠠᠭᠤᠯᠢ ᠠᠴᠠ ᠰᠦᠢᠳᠬᠡᠯ ᠲᠤᠰᠢᠶᠠᠬᠤ ᠳᠤ ᠦᠨᠡᠨ ᠬᠦᠴᠢᠷᠳᠡᠯᠲᠡᠢ ᠬᠡᠮᠡᠨ ᠲᠣᠭᠲᠠᠭᠰᠠᠨ ᠣᠶᠣᠲᠠᠨ ᠤ ᠬᠤᠪᠢ ᠬᠥᠮᠥᠨ ᠤ ᠲᠤᠰᠢᠶᠠᠬᠤ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠢ ᠪᠠᠶᠢᠭ᠎ᠠ ᠰᠤᠷᠭᠠᠭᠤᠯᠢ ᠠᠴᠠ ᠡᠭᠦᠷᠭᠡᠯᠡᠨ᠎ᠡ᠃ ᠺᠠᠷᠲᠯᠠᠵᠤ ᠳᠠᠩᠰᠠᠯᠠᠭᠤᠯᠤᠭᠰᠠᠨ ᠶᠠᠳᠠᠭᠤ ᠬᠦᠴᠢᠷᠳᠡᠯᠲᠡᠢ ᠬᠥᠮᠥᠰ ᠢ ᠪᠦᠬᠦᠨ ᠢ ᠳᠠᠭᠠᠳᠬᠠᠯ ᠳᠤ ᠣᠷᠣᠯᠴᠠᠭᠤᠯᠵᠤ᠂ ᠬᠤᠲᠠ ᠬᠥᠳᠡᠭᠡ ᠶᠢᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠤᠷᠤᠯᠴᠠᠬᠤ ᠬᠤᠪᠢ ᠬᠥᠮᠥᠨ ᠤ ᠲᠤᠰᠢᠶᠠᠬᠤ ᠰᠦᠢᠳᠬᠡᠯ ᠢ ᠲᠤᠬᠠᠢ ᠶᠢᠨ ᠭᠠᠵᠠᠷ ᠤᠨ ᠡᠳ᠋ ᠤᠨ ᠵᠠᠰᠠᠭ ᠠᠴᠠ ᠨᠥᠬᠦᠪᠦᠷᠢᠯᠡᠨ᠎ᠡ᠃ ᠰᠤᠷᠭᠠᠭᠤᠯᠢ ︵ᠴᠡᠴᠡᠷᠯᠢᠭ︶ ᠤᠨ ᠰᠤᠷᠤᠭᠴᠢ ᠬᠡᠦᠬᠡᠳ ᠠᠴᠠ ᠭᠠᠳᠠᠨ᠎ᠠ᠂ ᠲᠤᠰ ᠬᠤᠲᠠ ᠳᠤ ᠰᠠᠭᠤᠬᠤ ᠦᠨᠡᠮᠯᠡᠯ ᠲᠠᠢ ᠲᠤᠰ ᠬᠤᠲᠠ ᠶᠢᠨ ᠡᠷᠦᠬᠡ ᠠᠮᠠ ᠦᠭᠡᠢ ᠰᠠᠭᠤᠭᠠᠯᠢ ᠠᠷᠠᠳ ᠳᠡᠭᠡᠷᠡᠬᠢ ᠪᠠᠷᠢᠮᠵᠢᠶ᠎ᠠ ᠶᠣᠰᠣᠭᠠᠷ ᠬᠤᠪᠢ ᠶᠢᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢᠶᠠᠨ ᠲᠤᠰᠢᠶᠠᠵᠤ᠂ ᠲᠤᠰ ᠬᠤᠲᠠ ᠳᠤ ᠰᠠᠭᠤᠬᠤ ᠦᠨᠡᠮᠯᠡᠯ ᠦᠭᠡᠢ ᠲᠤᠰ ᠬᠤᠲᠠ ᠶᠢᠨ ᠡᠷᠦᠬᠡ ᠠᠮᠠ ᠦᠭᠡᠢ ᠰᠠᠭᠤᠭᠠᠯᠢ ᠠᠷᠠᠳ ᠳᠡᠭᠡᠷᠡᠬᠢ ᠪᠠᠷᠢᠮᠵᠢᠶ᠎ᠠ ᠶᠣᠰᠣᠭᠠᠷ ᠬᠤᠪᠢ ᠶᠢᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢᠶᠠᠨ ᠲᠤᠰᠢᠶᠠᠬᠤ ᠠᠴᠠ ᠭᠠᠳᠠᠨ᠎ᠠ ᠪᠠᠰᠠ ᠡᠯ᠎ᠡ ᠱᠠᠲᠤᠨ ᠤ ᠡᠳ᠋ ᠤᠨ ᠵᠠᠰᠠᠭ ᠠᠴᠠ ᠨᠥᠬᠦᠪᠦᠷᠢᠯᠡᠬᠦ ᠬᠡᠰᠡᠭ ᠢ ᠬᠤᠪᠢ ᠬᠥᠮᠥᠨ ᠠᠴᠠ ᠲᠤᠭ᠎ᠠ ᠶᠣᠰᠣᠭᠠᠷ ᠲᠤᠰᠢᠶᠠᠵᠤ᠂ 2021 ᠣᠨ ᠤ ᠡᠳ᠋ ᠤᠨ ᠵᠠᠰᠠᠭ ᠠᠴᠠ ᠨᠥᠬᠦᠪᠦᠷᠢᠯᠡᠬᠦ ᠬᠡᠰᠡᠭ ᠢ ᠬᠥᠮᠥᠨ ᠪᠦᠷᠢ 550 ᠲᠥᠭᠦᠷᠢᠭ ᠲᠤᠰᠢᠶᠠᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号