ᠠᠮᠢ ᠠᠬᠤᠶ ᠶᠢ ᠰᠠᠶᠢᠲᠤᠷ ᠬᠠᠮᠠᠭᠠᠯᠠᠵᠤ ᠠᠮᠢ ᠠᠬᠤᠶ ᠶᠢᠨ ᠳᠠᠪᠠᠭᠤᠯᠢᠭ ᠢ ᠪᠠᠳᠠᠷᠠᠭᠤᠯᠰᠤᠭᠠᠢ
ᠨᠡᠶᠢᠲᠡᠯᠡᠭᠰᠡᠨ ᠴᠠᠭ᠄
2020/9/2
      ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ      ᠶᠡᠷᠦᠩᠬᠡᠶ ᠱᠦᠵᠢ ᠰᠢ ᠶᠢᠨ ᠫᠢᠩ 8 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ ᠠᠨᠾᠦ᠋ᠢ ᠮᠤᠵᠢ ᠶᠢᠨ ᠮᠠ ᠠᠨ ᠱᠠᠨ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠮᠠ ᠠᠨ ᠱᠠᠨ ᠬᠤᠲᠠ ᠶᠢᠨ ᠬᠥᠬᠡᠮᠥ᠋ᠷᠡᠨ ᠤ ᠡᠷᠭᠢ ᠶᠢᠨ ᠱᠤᠭᠤᠮ ᠢ ᠶᠡᠷᠦᠩᠬᠡᠶᠢᠯᠡᠨ ᠴᠡᠭᠴᠡᠯᠡᠨ ᠵᠠᠰᠠᠭᠰᠠᠨ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠨ ᠵᠠᠰᠠᠭᠰᠠᠨ᠂ ᠬᠥᠭᠡᠮᠦ᠋ᠷᠡᠨ ᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠭᠰᠠᠨ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠳᠤ ᠮᠦᠷᠡᠨ ᠤ ᠬᠦᠪᠡᠭᠡ ᠳᠤ ᠬᠦᠷᠴᠦ ᠬᠥᠬᠡᠮᠥ᠋ᠷᠡᠨ ᠤ ᠤᠰᠤᠨ ᠤ ᠪᠠᠶᠢᠳᠠᠯ ᠪᠣᠯᠤᠨ ᠡᠷᠭᠢ ᠶᠢᠨ ᠱᠤᠭᠤᠮ ᠤᠨ ᠠᠮᠢ ᠠᠬᠤᠶ ᠶᠢᠨ ᠣᠷᠴᠢᠨ ᠲᠣᠭᠤᠷᠢᠨ ᠢ ᠪᠠᠶᠢᠴᠠᠭᠠᠨ ᠦᠵᠡᠪᠠ᠃ ᠶᠡᠷᠦᠩᠬᠡᠢ ᠱᠦᠵᠢ ᠰᠢ ᠶᠢᠨ ᠫᠢᠩ᠄ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠵᠤ ᠠᠬᠤᠢ ᠶᠢᠨ ᠬᠥᠭᠵᠢᠯᠲᠡ ᠨᠢ ᠵᠥᠷᠢᠴᠡᠯᠳᠦᠵᠦ ᠡᠰᠡᠷᠭᠦᠴᠡᠯᠳᠦᠬᠦ ᠬᠠᠷᠢᠴᠠᠭ᠎ᠠ ᠲᠠᠢ ᠪᠢᠰᠢ᠂ ᠬᠠᠷᠢᠨ ᠬᠤᠪᠢᠰᠤᠩᠭᠤᠢ ᠨᠢᠭᠡᠳᠦᠯ ᠤᠨ ᠬᠠᠷᠢᠴᠠᠭ᠎ᠠ ᠲᠠᠢ ᠶᠤᠮ᠃ ᠠᠮᠢ ᠠᠬᠤᠢ ᠶᠢ ᠰᠠᠶᠢᠲᠤᠷ ᠬᠠᠮᠠᠭᠠᠯᠠᠵᠤ᠂ ᠠᠮᠢ ᠠᠬᠤᠢ ᠶᠢᠨ ᠳᠠᠪᠠᠭᠤᠯᠢᠭ ᠢ ᠪᠠᠳᠠᠷᠠᠭᠤᠯᠪᠠᠯ ᠰᠠᠶ᠋ᠢ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ ᠴᠢᠳᠠᠨ᠎ᠠ ᠭᠡᠵᠦ ᠴᠢᠬᠤᠯᠠᠴᠢᠯᠠᠪᠠ᠃      ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠲᠠᠢ ᠬᠤᠯᠪᠣᠭᠳᠠᠬᠤ ᠮᠢᠩᠭᠠᠨ ᠵᠢᠯ ᠤᠨ ᠶᠡᠭᠡ ᠪᠤᠳᠤᠯᠭ᠎ᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠬᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠣᠬᠢᠷᠲᠤᠯ ᠢ ᠵᠠᠰᠠᠬᠰᠠᠠ ᠡᠷᠴᠢᠮ ᠤᠨ ᠶᠡᠭᠡ᠂ ᠲᠦᠷᠢᠮ ᠲᠤᠬᠳᠠᠭᠠᠬᠰᠠᠨ ᠳᠠᠪᠲᠠᠮᠵᠢ ᠶᠢᠨ ᠨᠢᠭᠲᠠ᠂ ᠬᠢᠨᠠᠨ  ᠬᠠᠮᠢᠶᠠᠷᠴᠤ ᠬᠠᠤᠯᠢ ᠬᠡᠷᠡᠭᠵᠢᠭᠦᠯᠦᠭᠰᠡᠨ ᠪᠠᠷᠢᠮᠵᠢᠶ᠎ᠠ ᠶᠢᠨ ᠴᠢᠩᠭ᠎ᠠ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠬᠰᠠᠨ ᠬᠤᠷᠳᠤᠴᠠ ᠶᠢᠨ ᠲᠦᠷᠭᠡᠨ ᠨᠢ ᠤᠷᠢᠳ ᠡᠮᠦᠨ᠎ᠡ ᠪᠠᠶᠢᠭ᠎ᠠ ᠦᠭᠡᠢ ᠶᠤᠮ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠲᠡᠦᠬᠡᠲᠦ ᠴᠢᠨᠠᠷᠲᠠᠶ᠂ ᠡᠷᠭᠢᠯᠲᠡ ᠶᠢᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ ᠬᠤᠪᠢᠷᠠᠯᠲᠠ ᠭᠠᠷᠭᠠᠬᠤ ᠶᠢ ᠠᠬᠢᠭᠤᠯᠬᠤ ᠶᠢᠨ ᠬᠠᠮᠲᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠦᠴᠦᠨ ᠨᠡᠮᠡᠷᠢᠯᠡᠪᠡ᠃ ᠬᠥᠮᠦᠰ ᠤᠨ ᠲᠤᠯᠤᠭᠠᠢ ᠲᠡᠭᠡᠷᠡᠭᠢ ᠤᠬᠳᠠᠷᠭᠤᠢ ᠨᠡᠩ ᠬᠦᠭᠡ ᠪᠣᠯᠵᠤ᠂ ᠳᠡᠷᠭᠡᠳᠡᠬᠢ ᠡᠬᠡ ᠭᠠᠵᠠᠷ ᠤᠯᠠᠮ ᠨᠣᠭᠤᠭᠠᠷᠠᠵᠤ᠂ ᠭᠤᠤᠯ ᠮᠥᠷᠡᠨ ᠤᠯᠠᠮ ᠲᠤᠩᠭᠠᠯᠠᠭ ᠪᠣᠯᠵᠤ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠨᠢ ᠶᠠᠭ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠶᠢᠨ ᠴᠢᠬᠤᠯᠠ ᠢᠯᠡᠷᠡᠯ ᠪᠤᠯᠵᠤ ᠪᠠᠶᠢᠨ᠎ᠠ᠃ ᠠᠵᠤ ᠠᠬᠤᠢ ᠶᠢ ᠬᠦᠭᠵᠢᠭᠦᠯᠭᠦ ᠳᠤ ᠠᠮᠢ ᠠᠬᠤᠶ ᠶᠢ ᠡᠪᠳᠡᠬᠦ ᠪᠠᠷ ᠦᠨ᠎ᠡ ᠲᠥᠯᠥᠪᠦᠷᠢ ᠪᠣᠯᠭᠠᠵᠤ ᠪᠣᠯᠬᠤ ᠦᠭᠡᠢ᠂ ᠠᠮᠢ ᠠᠬᠤᠶ ᠶᠢᠨ ᠲᠤᠰ ᠪᠡᠶ᠎ᠡ ᠨᠢ ᠳᠠᠷᠤᠶ ᠠᠵᠤ ᠠᠬᠤᠶ ᠮᠥᠨ᠂ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠵᠤ ᠪᠠᠶᠢᠭ᠎ᠠ ᠨᠢ ᠳᠠᠷᠤᠶ ᠪᠠᠶᠢᠭᠠᠯᠢ ᠶᠢᠨ ᠦᠷᠳᠡᠭ ᠢ ᠬᠠᠮᠠᠭᠠᠯᠠᠬᠤ ᠪᠠ ᠪᠠᠶᠢᠭᠠᠯᠢ ᠶᠢᠨ ᠬᠦᠷᠦᠩᠭᠡ ᠶᠢᠨ ᠦᠷᠲᠡᠭ ᠢ ᠨᠡᠮᠡᠭᠳᠡᠭᠦᠯᠵᠦ ᠪᠠᠶᠢᠭ᠎ᠠ ᠶᠠᠪᠤᠳᠠᠯ ᠮᠥᠨ᠂ ᠳᠠᠷᠤᠶ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠠᠯᠳᠠ ᠬᠦᠴᠦᠨ ᠪᠠ ᠰᠡᠯᠭᠦᠬᠦ ᠬᠦᠴᠦᠨ ᠢ ᠬᠠᠮᠠᠭᠠᠯᠠᠵᠤ᠂ ᠬᠦᠬᠡᠮᠳᠦᠭ ᠨᠣᠭᠤᠭᠠᠨ ᠠᠭᠤᠯᠠ ᠤᠰᠤ ᠪᠠᠷ ᠠᠮᠢ ᠠᠬᠤᠶ ᠶᠢᠨ ᠦᠷ᠎ᠡ ᠠᠰᠢᠭ ᠪᠠ ᠠᠵᠤ ᠠᠬᠤᠶ ᠨᠡᠶᠢᠭᠡᠮ ᠤᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠠᠪᠤᠳᠠᠯ ᠪᠤᠯᠤᠨ᠎ᠠ᠃      ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠵᠤ ᠠᠬᠤᠢ ᠶᠢᠨ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠠᠶᠢᠲᠤᠷ ᠰᠢᠢᠳᠪᠦᠷᠢᠯᠡᠬᠦ ᠪᠤᠯ ᠦᠷᠭᠦᠯᠵᠢᠯᠡᠬᠦ᠋ᠢᠴᠡ ᠬᠥᠭᠵᠢᠯᠲᠡ ᠶᠢ ᠪᠡᠶᠡᠯᠡᠭᠦᠯᠬᠦ ᠶᠢᠨ ᠳᠣᠲᠣᠭᠠᠳᠤ ᠱᠠᠭᠠᠷᠳᠠᠯᠭ᠎ᠠ ᠪᠤᠯᠬᠤ ᠪᠦᠭᠡᠳ ᠪᠠᠰᠠ ᠴᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ  ᠶᠢᠨ ᠴᠢᠬᠤᠯᠠ ᠶᠡᠭᠡ ᠵᠠᠷᠴᠢᠮ ᠮᠥᠨ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠨᠢ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ ᠪᠠ ᠠᠵᠤ ᠠᠬᠤᠶ ᠶᠢᠨ ᠬᠥᠭᠵᠢᠯᠲᠡ ᠶᠢᠨ ᠬᠠᠷᠢᠴᠠᠭ᠎ᠠ ᠶᠢ ᠢᠯᠡᠷᠡᠭᠦᠯᠵᠦ᠂ ᠬᠥᠭᠵᠢᠯᠲᠡ ᠪᠠ ᠬᠠᠮᠠᠭᠠᠯᠠᠯᠲᠠ ᠶᠢᠨ ᠬᠠᠮᠵᠢᠯᠴᠠᠨ ᠬᠠᠮᠲᠤ ᠣᠷᠣᠰᠢᠬᠤ ᠶᠢ ᠪᠡᠶᠡᠯᠡᠭᠦᠯᠭᠦ ᠰᠢᠨ᠎ᠡ ᠠᠷᠭ᠎ᠠ ᠵᠠᠮ ᠢ ᠵᠢᠭᠠᠨ ᠲᠤᠳᠤᠷᠬᠠᠢᠢᠯᠠᠵᠠᠢ᠃ ᠪᠢᠳᠡ ᠡᠷᠬᠡᠪᠰᠢ ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ ᠪᠠ ᠠᠵᠤ ᠠᠬᠤᠶ ᠶᠢᠨ ᠬᠥᠭᠵᠢᠯᠲᠡ ᠶᠢᠨ ᠬᠤᠪᠢᠰᠤᠩᠭᠤᠶ ᠨᠢᠭᠡᠳᠦᠯᠲᠦ ᠴᠢᠨᠠᠷ ᠢ ᠭᠦᠨᠵᠡᠭᠡᠶ ᠲᠠᠨᠢᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠪᠠᠶᠢᠭᠠᠯᠢ ᠶᠢᠨ ᠡᠳ᠋ ᠪᠠᠶᠠᠯᠢᠭ᠂ ᠠᠮᠢ ᠠᠬᠤᠶ ᠶᠢᠨ ᠡᠳ᠋ ᠪᠠᠶᠠᠯᠢᠭ ᠪᠣᠯᠬᠤ ᠮᠥᠷᠲᠡᠭᠡᠨ ᠪᠠᠰᠠ ᠴᠤ ᠨᠡᠶᠢᠭᠡᠮ ᠤᠨ ᠡᠳ᠋ ᠪᠠᠶᠠᠯᠢᠭ᠂ ᠠᠵᠤ ᠠᠬᠤᠶ ᠶᠢᠨ ᠡᠳ᠋ ᠪᠠᠶᠠᠯᠢᠭ ᠪᠣᠯᠬᠤ ᠶᠣᠰᠣ ᠤᠴᠢᠷ ᠢ ᠭᠦᠨᠵᠡᠭᠡᠶ ᠡᠵᠡᠮᠰᠢᠬᠦ ᠬᠡᠷᠡᠭᠲᠡᠶ᠃ ᠬᠥᠬᠡᠮᠳᠦᠭ ᠨᠣᠭᠤᠭᠠᠨ ᠠᠭᠤᠯᠠ ᠤᠰᠤ ᠪᠠᠷ ᠠᠵᠤ ᠠᠬᠤᠶ ᠨᠡᠶᠢᠭᠡᠮ ᠤᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠤᠷᠢᠳᠠᠪᠠᠷ ᠪᠣᠬᠢᠷᠲᠤᠭᠤᠯᠵᠤ ᠳᠠᠷᠠᠭ᠎ᠠ ᠨᠢ ᠵᠠᠰᠠᠬᠤ ᠬᠠᠭᠤᠴᠢᠨ ᠵᠠᠮ ᠢᠶᠠᠷ ᠲᠠᠬᠢᠨ ᠶᠠᠪᠤᠵᠤ ᠤᠭᠲᠤ ᠪᠣᠯᠬᠤ ᠦᠭᠡᠢ᠂ ᠡᠷᠬᠡᠪᠰᠢ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ ᠰᠠᠶᠢᠵᠢᠷᠠᠬᠰᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠡᠷᠡᠰ ᠵᠠᠮᠨᠠᠬᠤ ᠬᠡᠷᠡᠭᠲᠡᠢ᠃      ᠣᠳᠣᠬᠠᠨ ᠳᠤ ᠠᠵᠤ ᠠᠬᠤᠶ ᠶᠢᠨ ᠪᠠᠶᠢᠳᠠᠯ ᠮᠥᠨ ᠯᠡ ᠨᠠᠷᠢᠨ ᠪᠤᠳᠤᠯᠢᠶᠠᠨᠲᠠᠶ ᠬᠦᠨᠳᠦ ᠬᠡᠴᠡᠭᠦᠤ ᠪᠠᠶᠢᠵᠤ᠂ ᠲᠣᠭᠲᠠᠭᠤᠨ ᠪᠤᠰᠤ ᠴᠢᠨᠠᠷ ᠲᠣᠭᠲᠠᠪᠤᠷᠢᠳᠤ ᠪᠤᠰᠤ ᠴᠢᠨᠠᠷ ᠨᠡᠯᠢᠶᠡᠳ ᠶᠡᠭᠡ ᠪᠠᠶᠢᠨ᠎ᠠ᠃ ᠬᠥᠭᠵᠢᠯᠲᠡ ᠳᠤ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠲᠤᠯᠭᠠᠷᠠᠬᠤ ᠲᠤᠲᠤᠮ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮ ᠲᠤᠤᠱᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠠᠳᠤ ᠬᠦᠴᠦᠨ ᠢᠶᠠᠨ ᠴᠢᠩᠭᠠᠷᠠᠭᠤᠯᠵᠤ᠂ ᠠᠮᠢ ᠠᠬᠤᠶ ᠶᠢ ᠰᠠᠶᠢᠲᠤᠷ ᠬᠠᠮᠠᠭᠠᠯᠠᠵᠤ᠂ ᠠᠮᠢ ᠠᠬᠤᠢ ᠶᠢᠨ ᠳᠠᠪᠠᠭᠤᠯᠢᠭ ᠢ ᠪᠠᠳᠠᠷᠠᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠭᠤᠯᠠ ᠤᠰᠤ ᠣᠢ ᠰᠢᠭᠤᠶ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠰᠢᠰᠲ᠋ᠧᠮ ᠤᠨ ᠵᠠᠰᠠᠯᠲᠠ ᠶᠢ ᠨᠢᠭᠡᠳᠦᠯᠲᠡᠶ ᠲᠥᠯᠥᠪᠯᠡᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠬᠦ ᠪᠠᠶᠢᠷᠢᠰᠢᠯ ᠢ ᠰᠢᠯᠢᠳᠡᠭᠵᠢᠭᠦᠯᠵᠦ᠂ ᠬᠦᠬᠡ ᠣᠭᠲᠠᠷᠭᠤᠢ᠂ ᠬᠦᠬᠡᠮᠳᠦᠭ ᠤᠰᠤ ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠭᠦ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠭᠡᠬᠦ ᠡᠨᠡ ᠬᠦ ᠵᠢᠯᠣᠭᠤᠳᠬᠤ ᠳᠣᠬᠢᠭᠤᠷ᠂ ᠤᠯᠠᠭᠠᠨ ᠨᠣᠭᠤᠭᠠᠨ ᠳ᠋ᠧᠩ ᠢ ᠰᠠᠶᠢᠲᠤᠷ ᠠᠰᠢᠭᠯᠠᠵᠤ᠂ ᠡᠬᠢ ᠪᠠᠶᠠᠯᠢᠭ ᠤᠨ ᠬᠤᠷᠣᠭᠳᠠᠭᠤᠯᠤᠯ᠂ ᠣᠷᠴᠢᠨ ᠲᠣᠭᠤᠷᠢᠨ ᠤ ᠬᠤᠬᠢᠷᠠᠭᠤᠯᠤᠯ᠂ ᠠᠮᠢ ᠠᠬᠤᠢ ᠶᠢᠨ ᠦᠷ᠎ᠡ ᠠᠰᠢᠭ ᠵᠡᠷᠭᠡ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠳᠠᠯ ᠢ ᠢᠯᠡᠷᠡᠭᠦᠯᠦᠭᠰᠡᠨ ᠭᠦᠢᠴᠡᠳᠬᠡᠯ ᠲᠤᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠨᠡᠯᠡᠯᠲᠡ ᠶᠢᠨ ᠰᠢᠰᠲ᠋ᠧᠮ ᠳᠤ ᠣᠷᠣᠭᠤᠯᠬᠤ ᠬᠡᠷᠡᠭᠲᠡᠢ᠃ ᠵᠥᠪ ᠣᠨᠣᠪᠴᠢᠲᠠᠶ ᠬᠥᠭᠵᠢᠯᠲᠡ ᠶᠢᠨ ᠰᠡᠳᠬᠢᠮᠵᠢ ᠶᠢ ᠪᠤᠢ ᠪᠣᠯᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠠᠵᠤ ᠦᠢᠯᠡᠰ ᠢ ᠰᠠᠶᠢᠲᠤᠷ ᠰᠣᠩᠭᠤᠵᠤ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠶ ᠶᠢᠨ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ ᠶᠢ ᠦᠨᠡᠨᠬᠦ ᠪᠡᠶᠡᠯᠡᠭᠦᠯᠵᠦ᠂ ᠠᠷᠠᠳ ᠢᠷᠭᠡᠳ ᠢ ᠪᠠᠶᠠᠵᠢᠭᠤᠯᠬᠤ ᠪᠠ ᠠᠮᠢ ᠠᠬᠤᠶ ᠶᠢ ᠦᠵᠡᠰᠬᠦᠯᠡᠩᠲᠦ ᠰᠠᠶᠢᠬᠠᠨ ᠪᠤᠯᠭᠠᠬᠤ ᠶᠢ ᠣᠷᠭᠠᠨᠢᠭ ᠢᠶᠠᠷ ᠨᠢᠭᠡᠳᠬᠡᠭᠦ ᠬᠡᠷᠡᠭᠲᠡᠢ᠃ ᠦᠷᠭᠦᠯᠵᠢᠯᠡᠬᠦ᠋ᠢᠴᠡ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠠ ᠪᠣᠬᠢᠷᠲᠤᠯ ᠦᠭᠡᠶ ᠬᠦᠭᠵᠢᠭᠦᠯᠭᠦ ᠶᠢ ᠵᠤᠬᠢᠴᠠᠭᠤᠯᠤᠨ ᠠᠬᠢᠭᠤᠯᠬᠤ ᠰᠢᠨ᠎ᠡ ᠵᠠᠮ ᠢ ᠰᠦᠪᠡᠭᠴᠢᠯᠡᠵᠦ᠂ ᠬᠥᠭᠵᠢᠭᠦᠯᠭᠦ ᠳᠤᠮᠳᠠ ᠬᠠᠮᠠᠭᠠᠯᠠᠬᠤ᠂ ᠬᠠᠮᠠᠭᠠᠯᠠᠬᠤ ᠳᠤᠮᠳᠠ ᠬᠥᠭᠵᠢᠭᠦᠯᠬᠦ ᠶᠢ ᠪᠠᠷᠢᠮᠳᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠵᠤ᠂ ᠠᠯᠲᠠ ᠮᠥᠩᠭᠦᠨ ᠠᠭᠤᠯᠠ ᠶᠢ ᠨᠡᠩ ᠶᠡᠭᠡ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃      ᠶᠡᠷᠦᠩᠬᠡᠢ ᠱᠦᠵᠢ ᠰᠢ ᠶᠢᠨ ᠫᠢᠩ᠄ ︽ᠮᠠᠨ ᠤ ᠤᠯᠤᠰ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠵᠤ᠂ ᠠᠮᠢ ᠠᠬᠤᠢ ᠶᠢᠨ ᠣᠷᠴᠢᠨ ᠲᠣᠭᠤᠷᠢᠨ ᠤ ᠲᠤᠯᠭᠠᠭᠤᠷᠢᠯᠠᠬᠤ ᠦᠢᠯᠡᠳᠦᠯ ᠤᠯᠠᠮ ᠠᠴᠠ ᠤᠯᠠᠮ ᠢᠯᠡᠷᠬᠡᠢ ᠪᠤᠯᠵᠠᠢ︾ ᠭᠡᠵᠦ ᠵᠢᠭᠠᠵᠤ ᠭᠠᠷᠭᠠᠪᠠ᠃ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠬᠦ ᠪᠠᠷ ᠭᠤᠤᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠵᠤ᠂ ᠠᠭᠤᠯᠠ ᠤᠰᠤ ᠶᠢ ᠵᠠᠰᠠᠬᠤ᠂ ᠠᠭᠤᠯᠠ ᠤᠰᠤᠨ ᠤ ᠦᠡᠭᠭᠡ ᠲᠦᠷᠭᠦ ᠶᠢ ᠢᠯᠡᠷᠡᠭᠦᠯᠭᠦ ᠠᠵᠢᠯ ᠢ ᠰᠠᠶᠢᠲᠤᠷ ᠬᠢᠪᠡᠯ ᠪᠢᠳᠡ ᠯᠠᠪᠲᠠᠢ ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠢ ᠶᠢᠨ ᠪᠣᠯᠪᠠᠰᠤᠨ ᠤ ᠬᠢᠷᠢ ᠲᠦᠪᠰᠢᠨ ᠤ ᠳᠡᠭᠡᠭᠰᠢᠯᠡᠯᠲᠡ ᠬᠠᠷᠢᠯᠴᠠᠨ ᠨᠥᠬᠦᠴᠡᠯᠳᠦᠵᠦ ᠬᠠᠷᠢᠯᠴᠠᠨ ᠨᠦᠬᠦᠪᠦᠷᠢᠯᠡᠭᠰᠡᠨ ᠵᠠᠮ ᠢ ᠵᠠᠮᠨᠠᠨ ᠭᠠᠷᠭᠠᠵᠤ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠨᠡᠮᠡᠭᠳᠡᠯ ᠤᠨ ᠴᠡᠭ ᠪᠣᠯᠭᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢᠨ ᠲᠤᠯᠭᠠᠭᠤᠷᠢᠯᠠᠯ ᠤᠨ ᠴᠡᠭ ᠪᠤᠯᠭᠠᠵᠤ ᠴᠢᠳᠠᠨ᠎ᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号