ᠮᠠᠨ ᠤ ᠬᠤᠲᠠ ᠡᠨᠡ ᠵᠢᠯ 800 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠭᠠᠷᠭᠠᠨ ᠤᠰᠤᠨ ᠤ ᠠᠮᠢ ᠠᠬᠤᠢ ᠶᠢ ᠵᠠᠰᠠᠬᠤ ᠢᠨᠵᠧᠨᠧᠷᠢᠩ ᠢ ᠲᠤᠰᠠᠯᠠᠪᠠ
ᠨᠡᠶᠢᠲᠡᠯᠡᠭᠰᠡᠨ ᠴᠠᠭ᠄
2020/9/2
       ︵ᠰᠤᠷᠪᠤᠯᠵᠢᠯᠠᠭᠴᠢ ᠰᠦᠩ ᠰᠢᠶᠠᠩ ᠬᠤᠸᠠ︶ ᠲᠦᠷᠦᠭᠦᠬᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠰᠢᠭᠤ ᠰᠢᠶᠠᠨ ᠤ 2020 ᠣᠨ ᠤ ᠤᠰᠤᠨ ᠤ ᠠᠮᠢ ᠠᠬᠤᠢ ᠶᠢᠨ ᠵᠠᠰᠠᠯᠲᠠ᠂ ᠳᠤᠮᠳᠠ ᠪᠠᠭ᠎ᠠ ᠭᠤᠣᠯ ᠤᠨ ᠵᠠᠰᠠᠯᠲᠠ ᠵᠡᠷᠭᠡ ᠪᠤᠰᠤᠳ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠪ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠬᠤ ᠲᠤᠰᠬᠠᠢ ᠲᠥᠰᠥᠪ ᠤᠨ ᠪᠡᠯᠡ ᠮᠥᠩᠭᠦ 800 ᠲᠦᠮᠡᠨ ᠲᠥᠭᠦᠷᠢᠭ ᠪᠠᠭᠤᠯᠭᠠᠵᠤ᠂ ᠴᠢᠩ ᠱᠦᠢ ᠾᠧ ᠰᠢᠶᠠᠨ ᠤ ᠨᠠᠯᠠᠤ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠳᠤ ᠲᠤᠰᠬᠠᠶ ᠬᠡᠷᠡᠭᠯᠡᠨ᠎ᠡ᠃ ᠲᠤᠰ ᠢᠨᠵᠧᠨᠧᠷᠢᠩ ᠨᠢ ᠴᠢᠩ ᠱᠦᠶ ᠾᠧ ᠰᠢᠶᠠᠨ ᠤ ᠬᠡᠪᠴᠢᠶᠡᠨ ᠳᠣᠲᠣᠷᠠᠬᠢ ᠨᠠᠯᠠᠤ ᠲᠠᠷᠢᠶᠠᠨ ᠭᠠᠵᠠᠷ ᠬᠠᠷᠢᠴᠠᠩᠭᠤᠶ ᠲᠥᠪᠯᠡᠷᠡᠭᠰᠡᠨ ᠣᠷᠣᠨ ᠳᠤ ᠪᠠᠭ᠎ᠠ ᠰᠠᠪᠠ ᠭᠠᠵᠠᠷ ᠤᠨ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠣᠢ ᠰᠢᠭᠤᠶ᠂ ᠲᠠᠷᠢᠶᠠᠯᠠᠩ᠂ ᠠᠮᠢ ᠠᠬᠤᠶ ᠵᠡᠷᠭᠡ ᠰᠠᠯᠠᠭ᠎ᠠ ᠮᠥᠴᠢᠷ ᠤᠨ ᠬᠥᠷᠥᠰᠥ ᠰᠢᠷᠣᠶ ᠶᠢ ᠬᠠᠮᠠᠭᠠᠯᠠᠬᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠡᠶᠢᠭᠡᠮ ᠤᠨ ᠪᠡᠯᠡ ᠮᠥᠩᠭᠦ ᠶᠢ ᠵᠣᠷᠢᠭᠵᠢᠭᠤᠯᠬᠤ ᠪᠠ ᠲᠡᠳᠡᠨ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠶᠢᠨ ᠤᠯᠠᠮ ᠠᠴᠠ ᠮᠠᠨ ᠤ ᠬᠤᠲᠠ ᠶᠢᠨ ᠡᠯ᠎ᠡ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠲᠥᠷᠦᠯ ᠵᠦᠢᠯ ᠤᠨ ᠲᠦᠷᠭᠡᠨ ᠠᠬᠢᠯᠲᠠ ᠶᠢ ᠠᠬᠢᠭᠤᠯᠬᠤ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号