ᠰᠢᠨ᠎ᠡ ᠬᠤᠲᠠ ᠲᠣᠭᠤᠷᠢᠭ ᠤᠨ ᠣᠯᠠᠨ ᠰᠠᠯᠠᠭ᠎ᠠ ᠮᠥᠴᠢᠷ ︽ᠨᠠᠮ ᠤᠨ ᠪᠠᠶᠢᠭᠤᠯᠤᠯᠲᠠ ᠶᠢ ᠠᠳᠬᠤᠵᠤ᠂ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠰᠠᠭᠤᠷᠢ ᠪᠠᠨ ᠪᠠᠬᠢᠵᠢᠭᠦᠯᠵᠦ᠂ ᠬᠡᠪ ᠴᠢᠨᠠᠷ ᠢ ᠳᠡᠭᠡᠭᠰᠢᠯᠡᠭᠦᠯᠬᠦ︾ ᠬᠠᠮᠲᠤᠷᠠᠭᠰᠠᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/9/21
     9 ᠳ᠋ᠦ᠋ᠭᠡᠷ ᠰᠠᠷ᠎ᠠ ᠶᠢᠨ 18 ᠤ ᠡᠳᠦᠷ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ᠂ ᠰᠢᠨ ᠲᠦᠤ ᠺᠣᠮᠫᠠᠨᠢ ᠶᠢᠨ ᠨᠠᠮ ᠤᠨ ᠡᠭᠦᠷ ︽ᠨᠠᠮ ᠤᠨ ᠪᠠᠶᠢᠭᠤᠯᠤᠯᠲᠠ ᠶᠢ ᠠᠳᠬᠤᠵᠤ᠂ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠰᠠᠭᠤᠷᠢ ᠪᠠᠨ ᠪᠠᠬᠢᠵᠢᠭᠦᠯᠵᠦ᠂ ᠬᠡᠪ ᠴᠢᠨᠠᠷ ᠢ ᠳᠡᠭᠡᠭᠰᠢᠯᠡᠭᠦᠯᠬᠦ ︾ ᠬᠠᠮᠲᠤᠷᠠᠭᠰᠠᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠡᠯ᠎ᠡ ᠨᠢᠭᠡᠴᠢ ᠠᠴᠠ ᠢᠷᠡᠭᠰᠡᠨ 30 ᠭᠠᠷᠤᠢ ᠨᠠᠮ ᠤᠨ ᠭᠡᠰᠢᠭᠦᠨ ᠤ ᠲᠥᠯᠥᠭᠡᠯᠡᠭᠴᠢ ᠣᠷᠣᠯᠴᠠᠪᠠ᠃
     ᠬᠥᠬᠡᠬᠤᠲᠠ ᠶᠢᠨ ᠨᠠᠮ ᠪᠠ ᠣᠯᠠᠨ ᠲᠦᠮᠡᠨ ᠤ ᠠᠵᠢᠯᠯᠠᠭ᠎ᠠ ᠶᠢᠨ ᠦᠢᠯᠡᠴᠢᠯᠡᠭᠡᠨ ᠤ ᠲᠥᠪ ᠤᠨ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠣᠷ᠎ᠠ᠂ ᠨᠠᠮ ᠤᠨ ᠭᠡᠰᠢᠭᠦᠳ ᠺᠢᠨᠣ᠋ ᠶᠢᠨ ᠣᠷᠳᠣᠨ᠂ ᠭᠤᠯᠭᠤᠭᠤᠷ ᠳᠡᠯᠭᠡᠴᠡ ᠪᠠᠷ ᠳᠠᠮᠵᠢᠨ ᠬᠤᠪᠢᠰᠬᠠᠯ ᠤᠨ ᠠᠬᠠᠮᠠᠳ ᠦᠶ᠎ᠡ ᠶᠢᠨ ᠥᠩᠭᠡᠷᠡᠭᠰᠡᠨ ᠭᠡᠷᠡᠯ ᠰᠠᠴᠤᠷᠠᠩᠭᠤᠶ ᠤᠨ ᠵᠢᠯ ᠢ ᠳᠠᠬᠢᠨ ᠡᠷᠭᠢᠴᠡᠭᠦᠯᠵᠦ᠂ ᠡᠪ ᠬᠠᠮᠲᠤᠴᠤᠳ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠣᠶᠢᠯᠠᠭᠠᠪᠠ᠃ ᠨᠠᠮ ᠤᠨ ᠪᠠᠶᠢᠭᠤᠯᠤᠯᠲᠠ ᠶᠢᠨ ᠰᠡᠳᠦᠪ ᠬᠠᠷᠢᠭᠤᠯᠬᠤ ᠰᠢᠰᠲ᠋ᠧᠮ ᠢᠶᠠᠷ ᠳᠠᠮᠵᠢᠭᠤᠯᠤᠨ ᠭᠤᠣᠯ ᠰᠡᠳᠦᠪᠲᠦ ᠬᠥᠮᠦᠵᠢᠯ ᠤᠨ ᠮᠡᠳᠡᠪᠡᠯ ᠵᠣᠬᠢᠬᠤ ᠮᠡᠳᠡᠯᠭᠡ ᠶᠢᠨ ᠴᠡᠭ ᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠪᠠ ᠣᠯᠠᠨ ᠲᠦᠮᠡᠨ ᠤ ᠠᠵᠢᠯᠯᠠᠭ᠎ᠠ ᠶᠢᠨ ᠦᠢᠯᠡᠴᠢᠯᠡᠭᠡ ᠶᠢᠨ ᠲᠥᠪ ᠤᠨ ᠤᠯᠤᠰ ᠲᠥᠷᠥ ᠶᠢᠨ ᠴᠢᠳᠠᠪᠤᠷᠢ ᠪᠠ ᠦᠢᠯᠡᠴᠢᠯᠡᠭᠡ ᠶᠢᠨ ᠴᠢᠳᠠᠪᠤᠷᠢ ᠪᠠᠨ ᠴᠢᠩᠭᠠᠳᠬᠠᠨ᠂ ᠪᠠᠬᠢᠯᠡᠯᠲᠡ ᠶᠢᠨ ᠰᠤᠷᠭᠠᠨ ᠬᠥᠮᠥᠵᠢᠯ ᠂ ᠨᠠᠮ ᠤᠨ ᠭᠡᠰᠢᠭᠦᠨ ᠣᠯᠠᠨ ᠲᠦᠮᠡᠨ ᠢ ᠨᠢᠭᠲᠠᠷᠠᠭᠤᠯᠬᠤ ᠪᠠ ᠦᠢᠯᠡᠴᠢᠯᠡᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ ᠪᠠᠶᠢᠭ᠎ᠠ ᠶᠢ ᠰᠡᠳᠬᠢᠯ ᠤᠨ ᠭᠦᠨ ᠠᠴᠠ ᠪᠠᠨ ᠮᠡᠳᠡᠷᠡᠪᠡ᠃
     ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ᠄ ᠦᠨᠡᠨᠴᠢ ᠰᠢᠳᠤᠷᠭᠤ ᠨᠠᠮ ᠤᠨ ᠲᠦᠯᠦᠭᠡ ᠪᠠᠶᠢᠬᠤ ᠶᠢ ᠪᠠᠲᠤ ᠴᠡᠭᠡᠵᠢᠯᠡᠵᠦ᠂ ᠬᠠᠷᠠᠮ ᠦᠭᠡᠢ ᠵᠣᠷᠢᠭᠤᠯᠵᠤ᠂ ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠠᠨ ᠡᠭᠦᠷᠢᠳᠡ ᠪᠠᠲᠤᠯᠠᠵᠤ᠂ ᠦᠨᠡᠨ ᠬᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢᠨ ᠬᠠᠮᠲᠤ ᠬᠠᠮᠲᠤ ᠪᠠᠷ ᠪᠠᠶᠢᠭᠤᠯᠬᠤ ᠠᠵᠢᠯᠯᠠᠭ᠎ᠠ ᠪᠠᠷ ᠳᠠᠮᠵᠢᠨ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ︽ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠦᠬᠦᠪᠦᠷᠢᠯᠡᠵᠦ᠂ ᠬᠠᠷᠢᠯᠴᠠᠨ ᠠᠬᠢᠭᠤᠯᠵᠤ᠂ ᠬᠠᠮᠲᠤᠪᠡᠷ ᠳᠡᠭᠡᠭᠰᠢᠯᠡᠬᠦ︾ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠵᠣ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号