ᠰᠢᠨ᠎ᠡ ᠬᠤᠲᠠ ᠲᠣᠭᠤᠷᠢᠭ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠦᠨᠡᠨ ᠬᠦ ᠰᠠᠶᠢᠲᠤᠷ ᠬᠢᠬᠦ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/9/21
      ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠤᠯᠢ ᠴᠠᠭᠠᠵᠠ ᠬᠠᠤᠯᠢ  ᠲᠤᠭᠲᠠᠭᠠᠯ ᠢ ᠭᠦᠨᠵᠡᠭᠡᠢ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠣᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤᠳᠬᠠᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠲᠤᠭᠲᠠᠭᠤᠨ ᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠶᠢᠨ ᠲᠦᠯᠦᠭᠡ᠂ 9 ᠳ᠋ᠦ᠋ᠭᠡᠷ ᠰᠠᠷ᠎ᠠ ᠶᠢᠨ 18 ᠤ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠤᠨ ᠪᠣᠯᠪᠠᠰᠤᠷᠠᠯ ᠤᠨ ᠲᠥᠪ᠂ ᠵᠦᠩ ᠱᠠᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ 13 ᠨᠢᠭᠡᠴᠡ ᠬᠠᠮᠲᠤᠷᠠᠨ 37 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠦᠷᠨᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠰᠢᠨᠬᠤᠸᠠ ᠬᠤᠷᠢᠶ᠎ᠠ ᠲᠣᠭᠤᠷᠢᠭ ᠲᠤ ᠶᠠᠪᠤᠭᠳᠠᠪᠠ᠃
     ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠣᠨᠣᠯ ᠵᠢᠭᠠᠨ ᠰᠤᠳᠤᠯᠬᠤ ᠬᠡᠯᠲᠡᠰ ᠤᠨ ᠳᠡᠳ᠋ ᠡᠷᠬᠢᠯᠡᠭᠴᠢ᠂ ᠳᠡᠳ᠋ ᠫᠷᠤᠹᠤᠰᠰᠤᠷ ᠰᠠᠷᠠᠨ ᠢ ᠤᠷᠢᠵᠤ ᠦᠨᠳᠦᠰᠦᠲᠡᠨ ᠤ ᠪᠦᠯᠬᠦᠮᠳᠡᠯ ᠵᠡᠷᠭᠡ ᠬᠠᠮᠢᠶ᠎ᠠ ᠪᠥᠬᠦᠶ ᠮᠡᠳᠡᠯᠭᠡ ᠶᠢᠨ ᠲᠤᠬᠠᠶ ᠲᠠᠶᠢᠯᠤᠮᠵᠢ ᠬᠢᠯᠭᠡᠪᠡ᠃ ᠰᠠᠷᠠᠨ ᠪᠠᠭᠰᠢ ᠦᠨᠳᠦᠰᠦᠲᠡᠨ ᠤ ᠪᠦᠯᠬᠦᠮᠳᠡᠯ ᠢᠶᠠᠷ ᠭᠤᠤᠯ ᠰᠡᠳᠦᠪ ᠪᠣᠯᠭᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠵᠢᠴᠢ ᠳᠤᠮᠳᠠᠳᠤ ᠤᠯᠤᠰ ᠤᠨ ᠤᠯᠤᠰ ᠤᠨ ᠪᠠᠶᠢᠳᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠲᠠᠶᠢᠯᠤᠮᠵᠢ ᠬᠢᠪᠠ᠃
     ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠭᠤᠤᠯ ᠰᠡᠳᠦᠪ ᠨᠢ ᠢᠯᠡ ᠲᠣᠳᠣ᠂ ᠭᠤᠣᠯᠳᠠᠯᠭ᠎ᠠ ᠳᠣᠪᠣᠶᠢᠮ᠎ᠠ᠂ ᠠᠭᠤᠯᠤᠭᠳᠠᠬᠤᠨ ᠨᠢ ᠪᠠᠶᠠᠯᠢᠭ᠂ ᠣᠯᠠᠨ ᠢᠶᠠᠷ ᠢᠶᠠᠨ᠂ ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠢᠶᠠᠷ ᠳᠠᠮᠵᠢᠨ᠂ ᠲᠤᠰ ᠤᠳᠠᠭᠠᠨ ᠤ ᠪᠣᠯᠪᠠᠰᠤᠷᠠᠯ ᠤᠨ ᠬᠤᠷᠠᠯ ᠤᠨ ᠠᠭᠤᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠰᠣᠷᠣᠭᠰᠠᠨ ᠮᠡᠳᠡᠯᠭᠡ ᠪᠠᠨ ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠵᠦ᠂ ᠦᠨᠳᠦᠰᠦᠲᠡᠨ ᠤ ᠪᠦᠯᠬᠦᠮᠳᠡᠯ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠤ ᠰᠣᠯᠢᠯᠴᠠᠭ᠎ᠠ ᠶᠢ ᠨᠡᠮᠡᠭᠳᠡᠭᠦᠯᠬᠦ ᠵᠡᠷᠭᠡ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠎ᠠ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号