ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠦᠭᠵᠢᠬᠦ ᠨᠠᠮ ᠵᠠᠰᠠᠭ ᠤᠨ  ᠬᠠᠮᠳᠤᠷᠠᠭᠰᠠᠨ ᠬᠤᠷᠠᠯ ᠬᠤᠷᠠᠯᠳᠤᠵᠤ ᠬᠠᠷᠢᠯᠴᠠᠨ ᠬᠤᠯᠪᠤᠯᠳᠤᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠠᠭᠤᠰᠤᠯᠴᠠᠬᠤ ᠪᠦᠲᠦᠮᠵᠢᠲᠡᠢ ᠠᠷᠭ᠎ᠠ ᠵᠠᠮ ᠢ ᠵᠥᠪᠯᠡᠵᠦ ︽ᠨᠢᠭᠡ ᠰᠦᠷᠦᠭ ᠬᠤᠲᠠ︾ ᠶᠢᠨ ︽ᠨᠢᠭᠡ ᠬᠤᠲᠠ ᠶᠢᠨ ᠰᠦᠷᠦᠭ︾ ᠲᠡᠶᠢᠰᠢ ᠬᠤᠪᠢᠷᠠᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2020/9/21
ᠸᠠᠩ ᠯᠢ ᠰᠢᠶᠠ ᠡᠷᠬᠢᠯᠡᠪᠡ       ︵ᠰᠤᠷᠪᠤᠯᠵᠢᠯᠠᠭᠴᠢ ᠹᠧᠩ ᠶᠠᠨ ᠫᠢᠩ  ᠯᠢ ᠬᠠᠢ ᠵᠧᠨ︶ ᠬᠠᠷᠢᠯᠴᠠᠨ ᠬᠤᠯᠪᠤᠯᠳᠤᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠠᠭᠤᠰᠤᠯᠴᠠᠬᠤ ᠪᠦᠲᠦᠮᠵᠢᠲᠡᠢ ᠠᠷᠭ᠎ᠠ ᠵᠠᠮ ᠢ ᠵᠥᠪᠯᠡᠵᠦ᠂ ᠰᠠᠭᠤᠷᠢ ᠲᠥᠬᠦᠭᠡᠷᠦᠮᠵᠢ ᠶᠢᠨ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ᠂ ᠠᠮᠢ ᠠᠬᠤᠢ ᠶᠢᠨ ᠪᠣᠯᠪᠠᠰᠤᠨ ᠢ ᠬᠠᠮᠲᠤᠪᠠᠷ ᠪᠦᠲᠦᠭᠡᠨ ᠪᠠᠶᠢᠭᠤᠯᠤᠨ ᠬᠠᠮᠲᠤᠪᠠᠷ ᠬᠠᠮᠠᠭᠠᠯᠠᠬᠤ᠂ ᠠᠵᠤ ᠦᠢᠯᠡᠰ ᠤᠨ ᠬᠥᠭᠵᠢᠯᠲᠡ ᠳᠤ ᠬᠠᠷᠢᠯᠴᠠᠨ ᠬᠠᠪᠰᠤᠷᠤᠯᠴᠠᠵᠤ ᠬᠠᠷᠢᠴᠠᠨ ᠨᠥᠬᠦᠪᠦᠷᠢᠯᠡᠬᠦ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ ᠰᠢᠨᠡᠴᠢᠯᠡᠬᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠠᠷ ᠪᠦᠲᠦᠭᠡᠨ ᠪᠠᠶᠢᠭᠤᠯᠤᠨ ᠬᠠᠮᠲᠤᠪᠠᠷ ᠬᠡᠷᠡᠭᠯᠡᠬᠦ ᠶᠢ ᠭᠠᠷ ᠬᠤᠯᠪᠣᠨ ᠲᠦᠯᠬᠢᠨ ᠠᠬᠢᠭᠤᠯᠵᠤ᠂  ︽ᠨᠢᠭᠡ ᠰᠦᠷᠦᠭ ᠬᠤᠲᠠ︾  ᠶᠢ ︽ᠨᠢᠭᠡ ᠬᠤᠲᠠ ᠶᠢᠨ ᠰᠦᠷᠦᠭ︾ ᠲᠡᠶᠢᠰᠢ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠶ᠎ᠠ᠃ ᠡᠨᠡ ᠪᠣᠯ 9 ᠳ᠋ᠦ᠋ᠭᠡᠷ ᠰᠠᠷ᠎ᠠ ᠶᠢᠨ 20 ᠤ ᠡᠳᠦᠷ ᠮᠠᠨ ᠤ ᠬᠤᠲᠠ ᠳᠤ ᠬᠤᠷᠠᠯᠳᠤᠭᠰᠠᠨ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠦᠭᠵᠢᠬᠦ ᠨᠠᠮ ᠵᠠᠰᠠᠭ ᠤᠨ ᠬᠠᠮᠳᠤᠷᠠᠭᠰᠠᠨ ᠬᠤᠷᠠᠯ ᠲᠡᠭᠡᠷᠡᠬᠢ ᠬᠤᠷᠠᠯ ᠳᠤ ᠣᠷᠣᠯᠴᠠᠭᠰᠠᠨ ᠲᠠᠪᠤᠨ ᠬᠤᠲᠠ ᠶᠢᠨ ᠴᠢᠩᠭ᠎ᠠ ᠬᠦᠴᠦᠳᠡᠢ ᠠᠮᠠᠯᠠᠯᠲᠠ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠬᠢᠯᠡᠪᠡ᠃      ᠱᠠᠨᠰᠢ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠲᠡᠮᠡᠭᠡᠲᠦ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠠᠢ ᠵᠧᠩ ᠱᠧ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠵᠠᠩ ᠶᠤᠸᠠᠨ ᠵᠦᠩ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠩ ᠮᠢᠩ ᠵᠤ᠋᠂ ᠱᠠᠨᠰᠢ ᠮᠤᠵᠢ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠯᠢ ᠰᠢᠶᠦ᠋ᠩ ᠪᠢᠨ᠂ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠨᠢᠦ ᠵᠢᠶᠦ᠋ᠨ ᠶᠠᠨ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠲᠠ ᠶᠢᠨ ᠳᠠᠷᠤᠭ᠎ᠠ ᠹᠧᠢ ᠳ᠋ᠦᠩ ᠪᠢᠨ᠂ ᠲᠡᠮᠡᠭᠡᠲᠦ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠯᠢ ᠴᠦᠨ ᠯᠢᠨ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠵᠣᠣ ᠵᠢᠶᠠᠩ ᠲᠣᠣ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠠᠴᠠ ︽ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠠᠵᠢᠯᠯᠠᠭᠠᠨ ᠤ ᠲᠥᠯᠥᠪᠯᠡᠭᠡ︾ ︽ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠤᠨ ᠰᠣᠶᠣᠯ ᠵᠢᠭᠤᠯᠴᠢᠯᠠᠯ ᠢ ᠨᠢᠭᠡ ᠴᠣᠭᠴᠠᠵᠢᠭᠤᠯᠬᠤ ᠠᠵᠢᠯᠯᠠᠭᠠᠨ ᠤ ᠲᠥᠯᠥᠪᠯᠡᠭᠡ︾ ᠵᠡᠷᠭᠡ ᠪᠢᠴᠢᠭ ᠮᠠᠲ᠋ᠧᠷᠢᠶᠠᠯ ᠳᠤ ᠲᠣᠳᠣᠷᠬᠠᠶᠢᠯᠠᠯᠲᠠ ᠬᠢᠪᠡ᠃ ᠲᠡᠮᠡᠭᠡᠲᠦ ᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ᠂ ᠬᠥᠬᠡᠬᠤᠲᠠ ᠶᠢᠨ ᠤᠳᠤᠷᠢᠳᠤᠯᠭ᠎ᠠ ᠰᠠᠨᠠᠯ ᠰᠣᠯᠢᠯᠴᠠᠬᠤ ᠶᠠᠷᠢᠶ᠎ᠠ ᠲᠠᠯᠪᠢᠪᠠ᠃      ᠸᠠᠩ ᠯᠢ ᠰᠢᠶᠠ ᠬᠤᠷᠠᠯ ᠳᠡᠭᠡᠷ᠎ᠡ ᠵᠢᠭᠠᠬᠤ ᠳᠠᠭᠠᠨ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠦᠭᠵᠢᠬᠦ ᠶᠢ ᠶᠡᠬᠡᠪᠡᠷ ᠲᠦᠯᠬᠢᠨ ᠠᠬᠢᠭᠤᠯᠬᠤ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠠᠰᠢᠭᠲᠠᠢ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠦᠬᠦ ᠲᠠᠯ᠎ᠠ ᠪᠠᠷ ᠰᠠᠶᠢᠨ ᠬᠢᠵᠦ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠠᠰᠢᠭᠲᠠᠢ᠂ ᠣᠷᠣᠨ ᠪᠦᠰᠡ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠲᠠᠪᠤᠨ ᠭᠠᠵᠠᠷ ᠤᠨ ᠠᠷᠠᠳ ᠲᠦᠮᠡᠨ ᠳᠤ ᠪᠣᠶᠠᠨ ᠦᠢᠯᠡᠳᠬᠦ ᠳᠤ ᠠᠰᠢᠭᠲᠠᠢ ᠶᠤᠮ ᠭᠡᠵᠡᠢ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠣᠷᠣᠨ ᠪᠦᠰᠡ ᠶᠢᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ  ᠣᠶᠢᠯᠠᠭᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠮᠲᠤᠷᠠᠯᠴᠠᠬᠤ ᠬᠠᠮᠲᠤ ᠶᠢᠨ  ᠲᠠᠨᠢᠯᠲᠠ ᠪᠠᠨ ᠨᠢᠭᠲᠠᠷᠠᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠢᠭᠡ ᠴᠣᠭᠴᠠᠵᠢᠭᠤᠯᠤᠨ ᠬᠥᠭᠵᠢᠭᠦᠯᠦᠭᠰᠡᠨ ᠠᠰᠢᠭᠲᠠᠢ ᠲᠤᠷᠰᠢᠯᠭ᠎ᠠ ᠶᠢ ᠭᠦᠨᠵᠡᠭᠡᠢ ᠲᠣᠯᠢᠯᠠᠨ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠪᠠᠲᠤᠳᠬᠠᠵᠤ᠂ ᠨᠢᠭᠲᠠ ᠬᠠᠷᠢᠯᠴᠠᠵᠤ ᠬᠡᠷᠡᠭᠴᠡᠭᠡ ᠪᠠᠨ ᠨᠦᠬᠦᠯᠴᠡᠨ᠂ ᠨᠡᠩ ᠥᠷᠭᠡᠨ ᠬᠠᠷᠠᠭᠠᠰᠤ᠂ ᠨᠡᠩ ᠥᠨᠳᠥᠷ ᠱᠠᠭᠠᠷᠳᠠᠯᠭ᠎ᠠ᠂ ᠨᠡᠩ ᠴᠢᠩᠭ᠎ᠠ ᠬᠠᠷᠢᠭᠤᠴᠠᠯᠭ᠎ᠠ᠂ ᠨᠡᠩ ᠰᠠᠶᠢᠨ ᠠᠷᠭ᠎ᠠ ᠵᠠᠮ ᠢᠶᠠᠷ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠳᠤᠷᠠᠭᠰᠠᠨ ᠬᠦᠭᠵᠢᠯᠲᠡ ᠶᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ ᠰᠠᠶᠢᠬᠠᠨ ᠬᠥᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠪᠡᠭᠡᠵᠢᠩ ᠳᠤ ᠦᠢᠯᠡᠴᠢᠯᠡᠵᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠲᠤᠷᠠᠭᠰᠠᠨ ᠬᠥᠭᠵᠢᠯᠲᠡ ᠳᠤ ᠦᠢᠯᠡᠴᠢᠯᠡᠵᠦ᠂ ᠮᠠᠨ ᠤ ᠤᠯᠤᠰ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠴᠢᠬᠤᠯᠠ ᠨᠥᠯᠥᠭᠡᠯᠡᠬᠦ ᠬᠦᠴᠦᠨ ᠲᠠᠢ ᠣᠷᠣᠨ ᠪᠦᠰᠡ ᠶᠢᠨ ᠬᠠᠮᠲᠤ ᠶᠢᠨ ᠴᠣᠭᠴᠠ ᠶᠢ ᠴᠢᠷᠮᠠᠶᠢᠨ ᠪᠠᠶᠢᠭᠤᠯᠤᠶ᠎ᠠ ᠭᠡᠵᠡᠢ᠃      ᠬᠠᠮᠳᠤᠷᠠᠭᠰᠠᠨ ᠬᠤᠷᠠᠯ ᠳᠡᠭᠡᠷ᠎ᠡ᠂ ︽2020 - 2021 ᠣᠨ ᠤ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭ ᠤᠨ ᠭᠤᠣᠯᠳᠠᠯᠭ᠎ᠠ ᠲᠠᠢ ᠵᠦᠢᠯᠡᠰ ᠤᠨ ᠬᠠᠮᠲᠤᠷᠠᠯᠴᠠᠭᠠᠨ ᠤ ᠵᠥᠪᠯᠡᠯᠴᠡᠭᠡᠷ︾  ︽2020 - 2021 ᠣᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠭᠤᠣᠯᠳᠠᠯᠭ᠎ᠠ ᠲᠠᠢ ᠵᠦᠢᠯᠡᠰ ᠤᠨ ᠬᠠᠮᠲᠤᠷᠠᠯᠴᠠᠭᠠᠨ ᠤ ᠵᠥᠪᠯᠡᠯᠴᠡᠭᠡᠷ︾  ︽ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭ ᠬᠢᠭᠡᠳ ᠬᠥᠬᠡᠬᠤᠲᠠ ᠪᠤᠭᠤᠲᠤ ᠣᠷᠳᠣᠰ  ᠤᠯᠠᠭᠠᠨᠴᠠᠪ ᠤᠨ ᠬᠠᠮᠵᠢᠯᠴᠠᠨ ᠬᠦᠭᠵᠢᠬᠦ ᠠᠵᠢᠯᠯᠠᠭᠠᠨ ᠤ ᠲᠣᠭᠲᠠᠴᠠ︾ ᠶᠢ ᠤᠷᠢᠳ ᠬᠤᠵᠢᠳ ᠲᠣᠭᠲᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号