ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠰᠤᠷᠭᠠᠭᠤᠯᠢ ᠶᠢᠨ ᠬᠦᠷᠢᠶᠡᠨ ᠳᠤ ᠣᠷᠣᠯ᠎ᠠ
ᠨᠡᠶᠢᠲᠡᠯᠡᠭᠰᠡᠨ ᠴᠠᠭ᠄
2020/9/21
     9 ᠳ᠋ᠦ᠋ᠭᠡᠷ ᠰᠠᠷ᠎ᠠ ᠶᠢᠨ 14 ᠤ ᠡᠳᠦᠷ ᠠᠴᠠ 20 ᠤ ᠡᠳᠦᠷ ᠪᠣᠯᠳᠠᠯᠠᠬᠢ ᠬᠤᠭᠤᠴᠠᠭ᠎ᠠ ᠪᠣᠯ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠪᠣᠯᠣᠨ᠎ᠠ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢ ᠴᠢᠩᠭᠠᠳᠬᠠᠨ᠂ ᠠᠮᠤᠷ ᠲᠦᠪᠰᠢᠨ᠂ ᠡᠷᠡᠭᠦᠯ ᠰᠠᠶᠢᠬᠠᠨ᠂ ᠪᠣᠯᠪᠠᠰᠤᠨ᠂ ᠡᠶ᠎ᠡ ᠵᠣᠬᠢᠴᠠᠯᠲᠤ ᠰᠦᠯᠵᠢᠶᠡᠨ ᠤ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠶᠢᠨ ᠲᠤᠰᠠᠳᠠ᠂ ᠲᠦᠷᠦᠭᠦᠬᠡᠨ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠭᠡᠷ᠂ ᠰᠢᠨ᠎ᠡ ᠲᠣᠭᠤᠷᠢᠭ ᠤᠨ  ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠦᠪᠯᠡᠯ ᠤᠨ ᠠᠯᠪᠠᠨ ᠭᠡᠷ᠂ ᠰᠢᠨ᠎ᠡ ᠬᠤᠲᠠ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠬᠠᠮᠲᠤᠷᠠᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠳ᠋ᠦᠩ ᠾᠧ ᠰᠤᠷᠭᠠᠭᠤᠯᠢ ᠶᠢᠨ ᠬᠦᠷᠢᠶᠡᠨ ᠳᠤ ᠰᠦᠯᠵᠢᠶᠡᠨ ᠤ ᠠᠮᠤᠷ ᠲᠦᠪᠰᠢᠨ ᠤ ᠬᠥᠮᠥᠵᠢᠯ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠥᠷᠨᠢᠭᠦᠯᠪᠡ᠃ ᠰᠢᠨ᠎ᠡ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠭᠠᠨ ᠤ ᠰᠠᠯᠪᠤᠷᠢ ᠠᠩᠭᠢ ᠶᠢᠨ ᠬᠠᠨ ᠰᠢᠦᠢ ᠠᠴᠠ ᠰᠤᠷᠤᠭᠴᠢᠳ ᠲᠤ ᠨᠢᠭᠡ ᠴᠠᠭ ᠤᠨ ᠠᠮᠢᠳᠤᠯᠢᠭ ᠰᠦᠯᠵᠢᠶᠡᠨ ᠤ ᠠᠮᠤᠷ ᠲᠦᠪᠰᠢᠨ ᠤ ᠵᠢᠭᠠᠨ ᠰᠤᠷᠭᠠᠯᠲᠠ ᠶᠢᠨ ᠬᠢᠴᠢᠶᠡᠯ ᠣᠷᠣᠪᠠ᠃ ᠵᠠᠯᠠᠭᠤᠴᠤᠳ ᠪᠠᠭᠠᠴᠤᠳ ᠤᠨ ᠣᠨᠴᠠᠯᠢᠭ ᠲᠤ ᠬᠠᠨᠳᠤᠭᠤᠯᠤᠨ᠂ ᠤᠯᠤᠰ ᠤᠨ ᠰᠦᠯᠵᠢᠶᠡᠨ ᠤ ᠠᠮᠤᠷ ᠲᠦᠪᠰᠢᠨ ᠪᠠ ᠵᠠᠯᠠᠭᠤᠴᠤᠳ ᠪᠠᠭᠠᠴᠤᠳ ᠤᠨ ᠰᠦᠯᠵᠢᠶ᠎ᠡ ᠬᠡᠷᠡᠭᠯᠡᠵᠦ ᠪᠠᠶᠢᠭ᠎ᠠ ᠪᠠᠶᠢᠳᠠᠯ ᠳᠤ ᠭᠦᠨᠵᠡᠭᠡᠢ ᠵᠠᠳᠠᠯᠤᠯᠲᠠ ᠬᠢᠵᠦ᠂ ᠵᠠᠯᠠᠭᠤᠴᠤᠳ ᠪᠠᠭᠠᠴᠤᠳ ᠲᠤ ᠰᠦᠯᠵᠢᠶ᠎ᠡ ᠶᠢ ᠬᠡᠷᠡᠭᠯᠡᠬᠦ ᠳᠡᠭᠡᠨ ᠶᠠᠭᠤ ᠶᠠᠭᠤ ᠶᠢ ᠠᠩᠬᠠᠷᠬᠤ ᠶᠢ ᠰᠠᠨᠠᠭᠤᠯᠵᠤ᠂ ᠨᠢᠭᠡ ᠨᠢᠭᠡ ᠦᠨᠡᠨ ᠪᠣᠳᠠᠲᠠᠢ ᠵᠢᠱᠢᠶ᠎ᠡ ᠪᠠᠷ ᠰᠤᠷᠤᠭᠴᠢᠳ ᠲᠤ ︽ᠰᠦᠯᠵᠢᠶᠡᠨ ᠤ ᠰᠢᠨᠤᠯ︾ ᠤᠨ ᠬᠤᠣᠷ ᠬᠥᠨᠥᠭᠡᠯ ᠢ ᠲᠦᠭᠡᠮᠡᠯᠵᠢᠭᠦᠯᠪᠡ᠃  ᠰᠤᠷᠪᠤᠯᠵᠢᠯᠠᠭᠴᠢ ᠯᠢᠶᠠᠩ ᠵᠢᠩ ᠱᠤ᠋  ᠸᠠᠩ ᠮᠧᠩ ᠴᠢ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号