ᠬᠥᠬᠡᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ ᠶᠢᠨ ᠱᠧᠩ ᠯᠢ 220 ᠺᠢᠯᠣᠸᠠᠲ ᠴᠠᠬᠢᠯᠭᠠᠨ ᠳᠠᠮᠵᠢᠭᠤᠯᠵᠤ ᠬᠤᠪᠢᠷᠠᠭᠤᠯᠬᠤ ᠪᠠᠷᠢᠯᠭ᠎ᠠ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2020/9/21
     9 ᠰᠠᠷ᠎ᠠ ᠶᠢᠨ ᠬᠠᠲᠠᠭᠤᠵᠢᠯᠲᠠᠢ ᠪᠦᠲᠦᠭᠡᠨ ᠪᠠᠶᠢᠭᠤᠯᠤᠯᠲᠠ ᠪᠠᠷ ᠳᠠᠮᠵᠢᠨ᠂ ᠬᠥᠬᠡᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ ᠶᠢᠨ ᠱᠧᠩ ᠯᠢ 220 ᠺᠢᠯᠣᠸᠠᠲ ᠴᠠᠬᠢᠯᠭᠠᠨ ᠳᠠᠮᠵᠢᠭᠤᠯᠵᠤ ᠬᠤᠪᠢᠷᠠᠭᠤᠯᠬᠤ ᠪᠠᠷᠢᠯᠭ᠎ᠠ ᠣᠷᠴᠢᠮ ᠤᠷᠤᠭᠰᠢᠲᠠᠢ ᠪᠠᠷ ᠠᠰᠢᠭᠯᠠᠯᠲᠠ ᠳᠤ ᠣᠷᠣᠪᠠ᠃ ᠪᠠᠷᠢᠯᠭ᠎ᠠ ᠨᠢ ᠭᠤᠣᠯᠳᠠᠭᠤ ᠲᠥᠪ ᠬᠤᠲᠠ ᠶᠢᠨ 2 ᠳ᠋ᠤᠭᠠᠷ ᠱᠤᠭᠤᠮ ᠤᠨ ᠮᠧᠲᠷᠤ᠋ ᠶᠢᠨ ᠵᠢᠩᠬᠢᠨᠢ ᠪᠠᠷ ᠠᠵᠢᠯᠯᠠᠬᠤ ᠳᠤ ᠴᠠᠬᠢᠯᠭᠠᠨ ᠬᠠᠩᠭᠠᠵᠤ᠂ 2 ᠳ᠋ᠤᠭᠠᠷ ᠱᠤᠭᠤᠮ ᠤᠨ ᠮᠧᠲᠷᠤ᠋ ᠶᠢᠨ ᠰᠢᠨ᠎ᠡ ᠪᠠᠷ ᠨᠡᠮᠡᠭᠳᠡᠭᠰᠡᠨ ᠴᠠᠬᠢᠯᠭᠠᠨ ᠬᠡᠷᠡᠭᠯᠡᠬᠦ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ᠂ ᠮᠠᠨ ᠤ ᠬᠤᠲᠠ ᠶᠢᠨ ᠪᠠᠷᠠᠭᠤᠨ ᠬᠤᠶᠢᠲᠤ ᠬᠡᠰᠡᠭ ᠤᠨ ᠭᠠᠵᠠᠷ ᠣᠷᠣᠨ ᠤ ᠣᠳᠣᠬᠠᠨ ᠤ 110 ᠺᠢᠯᠣᠸᠠᠲ ᠤᠨ ᠴᠠᠬᠢᠯᠭᠠᠨ ᠭᠦᠶᠦᠳᠡᠯ ᠬᠤᠪᠢᠷᠠᠭᠤᠯᠬᠤ ᠥᠷᠲᠡᠭᠡ ᠪᠠᠷ ᠬᠦᠢᠰᠦ ᠪᠣᠯᠭᠠᠭᠰᠠᠨ ᠵᠣᠬᠢᠰ ᠦᠭᠡᠢ ᠲᠣᠣᠷ ᠵᠢᠶᠠᠰᠠ ᠶᠢᠨ ᠪᠦᠲᠦᠴᠡ ᠶᠢᠨ ᠠᠰᠠᠭᠤᠳᠠᠯ ᠢ ᠰᠢᠢᠳᠪᠦᠷᠢᠯᠡᠵᠦ᠂ ᠭᠠᠵᠠᠷ ᠣᠷᠣᠨ ᠤ ᠴᠠᠬᠢᠯᠭᠠᠨ ᠲᠣᠣᠷ ᠤᠨ ᠴᠠᠬᠢᠯᠭᠠᠨ ᠬᠠᠩᠭᠠᠬᠤ ᠴᠢᠳᠠᠪᠤᠷᠢ ᠪᠠ ᠴᠠᠬᠢᠯᠭᠠᠨ ᠬᠠᠩᠭᠠᠬᠤ ᠪᠠᠲᠤᠲᠠᠢ ᠴᠢᠨᠠᠷ ᠢ ᠳᠡᠭᠡᠭᠰᠢᠯᠡᠭᠦᠯᠪᠡ᠃ ᠰᠤᠷᠪᠤᠯᠵᠢᠯᠠᠭᠴᠢ ᠦ᠋ ᠽᠢ ᠰᠢᠦᠸᠠᠨ  ᠴᠢᠮᠡᠭᠡᠯᠡᠭᠴᠢ ᠬᠤᠤ ᠯᠢ ᠶᠤᠸᠠᠨ  ᠯᠢ ᠱᠦᠨ ᠫᠧᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号