ᠬᠥᠬᠡᠬᠤᠲᠠ ᠶᠢᠨ ᠬᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ ᠠᠷᠠᠳ ᠤᠨ ᠠᠷᠠᠯᠵᠢᠶ᠎ᠠ ᠠᠷᠠᠳ ᠤᠨ ᠪᠦᠳᠦᠭᠡᠭᠳᠡᠭᠦᠨ ᠤ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2020/9/21
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠱᠠ ᠱᠠ︶ ᠣᠯᠠᠨ ᠵᠢᠯ ᠤᠨ ᠲᠤᠷᠰᠢ᠂ ᠬᠦᠬᠡᠬᠤᠲᠡ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠤᠨ ᠬᠠᠷᠠᠭᠠᠯᠵᠠᠯᠠᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠳᠤᠮᠳᠠ᠂ ᠲᠠᠰᠤᠷᠠᠯᠲᠠ ᠦᠭᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠪᠠᠩᠬᠢ ᠪᠣᠯᠤᠨ ᠡᠳ᠋ ᠤᠨ ᠵᠠᠰᠠᠭ   ᠤᠨ ᠰᠠᠯᠠᠭ᠎ᠠ ᠮᠥᠴᠢᠷ  ᠤᠨ ᠳᠡᠮᠵᠢᠯᠭᠡ ᠬᠠᠮᠵᠢᠯᠴᠠᠭ᠎ᠠ ᠶᠢ ᠲᠡᠮᠡᠴᠡᠨ ᠣᠯᠵᠤ᠂ ᠬᠤᠲᠠ ᠶᠢᠨ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠪᠣᠯᠤᠨ ᠴᠥᠭᠡᠨ ᠲᠣᠭᠠᠲᠤ ᠦᠨᠳᠦᠰᠦᠲᠡᠨ ᠤ ᠣᠨᠴᠠ ᠬᠡᠷᠡᠭᠴᠡᠭᠡᠲᠦ ᠲᠠᠸᠠᠷ ᠤᠨ ᠴᠡᠭ ᠲᠣᠭᠲᠠᠭᠠᠨ ᠦᠢᠯᠡᠳᠪᠤᠷᠢᠯᠡᠬᠦ ᠠᠵᠤ ᠠᠬᠤᠶᠢᠯᠠᠯ ᠤᠨ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠬᠥᠭᠵᠢᠨ ᠪᠤᠵᠠᠭᠠᠢᠷᠠᠬᠤ ᠳᠤ ᠠᠰᠢᠭᠲᠠᠢ ᠨᠥᠬᠦᠴᠡᠯ ᠢ ᠬᠠᠩᠭᠠᠪᠠ᠃    ᠬᠥᠬᠡᠬᠤᠲᠠ ᠶᠢᠨ ᠰᠦᠯᠳᠡ ᠠᠷᠠᠰᠤᠨ ᠤ ᠠᠵᠦ ᠦᠢᠯᠡᠰ ᠤᠨ ᠬᠢᠵᠠᠭᠠᠷᠲᠤ ᠺᠣᠮᠫᠠᠨᠢ ᠪᠣᠯ ᠲᠤᠰ ᠬᠤᠲᠠ ᠶᠢᠨ ᠨᠢᠭᠡᠨ ᠤᠯᠤᠰ ᠤᠨ ᠦᠨᠳᠦᠰᠦᠲᠡᠨ ᠤ ᠣᠨᠴᠠ ᠬᠡᠷᠡᠭᠴᠡᠭᠡᠲᠦ ᠲᠠᠸᠠᠷ ᠤᠨ ᠲᠣᠭᠲᠠᠭᠰᠠᠨ ᠴᠡᠭ ᠤᠨ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠨ᠎ᠠ᠃ ᠣᠯᠠᠨ ᠵᠢᠯ ᠤᠨ ᠲᠤᠷᠰᠢ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠮᠵᠢᠯᠭᠡ ᠳᠣᠣᠷ᠎ᠠ᠂ ᠺᠣᠮᠫᠠᠨᠢ ᠨᠢ ᠠᠷᠠᠰᠤᠨ ᠤᠭᠤᠲᠠ᠂ ᠶᠤᠸᠠᠮᠪᠤᠤ᠂ ᠳᠡᠪᠦᠷ᠎ᠡ  ᠦᠢᠯᠡᠳᠪᠤᠷᠢᠯᠡᠭᠰᠡᠨ ᠪᠦᠭᠡᠳ ᠲᠡᠭᠦᠨ ᠵᠶ᠋ᠠᠨ‌ᠥᠪᠥᠷ ᠮᠣᠩᠭᠤᠯ ᠤᠨ ᠨᠡᠶᠢᠲᠡᠯᠢᠭ ᠣᠨᠴᠠᠯᠢᠭᠲᠤ  ᠵᠤᠭᠠᠴᠠᠯ  ᠤᠨ ᠲᠠᠸᠠᠷ ᠪᠣᠯᠭᠠᠵᠤ᠂ ᠦᠨᠳᠦᠰᠦᠲᠡᠨ ᠪᠣᠯᠤᠨ ᠲᠠᠯ᠎ᠠ ᠨᠤᠲᠤᠭ ᠤᠨ ᠰᠣᠶᠣᠯ ᠢᠶᠠᠷ ᠠᠷᠤ ᠦᠵᠡᠭᠳᠡᠯ ᠪᠣᠯᠭᠠᠭᠰᠠᠨ ᠠᠷᠠᠰᠤᠨ ᠰᠡᠶᠢᠯᠦᠮᠡᠯ ᠤᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠪᠠᠷ  ᠭᠤᠤᠯ ᠪᠣᠯᠭᠠᠵᠤ᠂ ᠳᠡᠯᠡᠬᠡᠶ ᠶᠢᠨ ᠡᠯ᠎ᠡ ᠭᠠᠵᠠᠷ ᠤᠨ ᠦᠨᠳᠦᠰᠦᠲᠡᠨ ᠤ ᠤᠷᠠᠯᠢᠭ᠂ ᠰᠣᠶᠣᠯ᠂  ᠵᠤᠭᠠᠴᠠᠯ᠂ ᠬᠠᠳᠠᠭᠠᠯᠠᠮᠵᠢ ᠵᠡᠷᠭᠡ ᠵᠠᠬ ᠎ᠠ ᠳᠡᠯᠭᠡᠭᠦᠷ ᠲᠤ  ᠦᠢᠯᠡᠴᠢᠯᠡᠵᠦ᠂ ᠣᠳᠣ ᠦᠨᠳᠦᠰᠦᠲᠡᠨ ᠤ ᠰᠣᠶᠣᠯ ᠤᠨ ᠤᠯᠠᠮᠵᠢᠯᠠᠯ ᠪᠤᠯᠭᠠᠵᠠᠢ᠃ ᠦᠨᠳᠦᠰᠦᠲᠡᠨ ᠤ ᠰᠣᠶᠣᠯ ᠤᠨ ᠪᠡᠯᠡᠭ ᠰᠡᠯᠲᠡ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ  ᠠᠵᠤ ᠠᠬᠤᠶᠢᠯᠠᠯ ᠪᠣᠯᠤᠨ ᠬᠤᠪᠢ ᠬᠥᠮᠦᠨ ᠤ ᠦᠨᠳᠦᠰᠦᠲᠡᠨ ᠤ ᠣᠨᠴᠠᠯᠢᠭ ᠲᠠᠢ ᠵᠤᠭᠠᠴᠠᠯ ᠤᠨ ᠪᠦᠳᠦᠭᠡᠭᠳᠡᠭᠦᠨ᠂ ᠠᠷᠠᠰᠤ ᠰᠢᠷᠢ ᠰᠡᠶᠢᠯᠦᠮᠡᠯ ᠤᠷᠠᠯᠢᠭ ᠤᠨ ᠪᠦᠲᠦᠭᠡᠭᠳᠡᠬᠦᠨ ᠢ ᠵᠠᠬᠢᠶᠠᠯᠠᠨ ᠦᠢᠯᠡᠳᠴᠤ᠂ ᠦᠨᠳᠦᠰᠦᠲᠡᠨ ᠤ ᠰᠣᠶᠣᠯ ᠤᠨ ᠵᠠᠯᠠᠭᠤ ᠪᠠᠭᠰᠢ ᠶᠢᠨ ᠪᠣᠯᠪᠠᠰᠤᠷᠠᠭᠤᠯᠤᠯ ᠪᠣᠯᠤᠨ ᠦᠵᠡᠮᠵᠢ ᠶᠢᠨ ᠣᠷᠣᠨ ᠢ ᠨᠢᠭᠡ  ᠴᠤᠭᠴᠠᠵᠢᠭᠤᠯᠤᠭᠰᠠᠨ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠴᠢᠨᠠᠷᠲᠠᠢ ᠠᠵᠤ ᠠᠬᠤᠶᠢᠯᠠᠯ ᠪᠤᠯᠤᠭᠰᠠᠨ ᠪᠠᠶᠢᠨ᠎ᠠ  ᠃    ︽ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠮᠠᠨ ᠤ ᠺᠣᠮᠫᠠᠨᠢ ᠶᠢᠨ ᠬᠥᠭᠵᠢᠯᠲᠡ ᠳᠤ ᠮᠠᠰᠢ ᠶᠡᠭᠡ ᠬᠠᠪᠰᠤᠷᠤᠯᠭ᠎ᠠ ᠪᠣᠯᠵᠤ᠂ ᠺᠣᠮᠫᠠᠨᠢ ᠳᠤ ᠨᠥᠬᠦᠪᠥᠷᠢ ᠮᠥᠩᠭᠦ ᠥᠭᠬᠦ ᠪᠠᠷ ᠪᠠᠷᠠᠬᠤ ᠦᠭᠡᠢ᠂ ᠵᠢᠯ ᠪᠦᠷᠢ ᠪᠠᠰᠠ ᠺᠣᠮᠫᠠᠨᠢ ᠶᠢᠨ ᠲᠥᠷᠥᠯ ᠵᠦᠢᠯ ᠢ ᠦᠨᠳᠦᠰᠦᠯᠡᠵᠦ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ  ᠪᠠᠭᠤᠯᠭᠠᠳᠠᠭ᠂ ᠪᠢᠳᠡ ᠡᠨᠡ ᠬᠡᠰᠡᠭ ᠪᠡᠯᠡ ᠮᠦᠩᠭᠦ ᠪᠠᠷ ᠠᠷᠠᠳ ᠤᠨ ᠠᠷᠠᠯᠵᠢᠶ᠎ᠠ ᠠᠷᠠᠳ ᠤᠨ ᠪᠦᠲᠦᠭᠡᠭᠳᠡᠬᠦᠨ ᠢ ᠤᠯᠠᠮᠵᠢᠯᠠᠨ ᠬᠥᠭᠵᠢᠭᠦᠯᠬᠦ ᠳᠤ ᠲᠣᠬᠢᠷᠠᠬᠤ  ᠦᠢᠢᠯᠡᠳᠭᠦᠨ ᠢ ᠨᠡᠭᠡᠭᠡᠨ ᠬᠥᠭᠵᠢᠭᠦᠯᠬᠦ ᠪᠣᠯᠤᠨ᠎ᠠ᠃ ᠡᠶᠢᠮᠦ ᠰᠠᠶᠢᠨ ᠲᠦᠷᠦ ᠶᠢᠨ ᠪᠤᠳᠤᠯᠭ᠎ᠠ ᠨᠢ ᠠᠵᠤ ᠠᠬᠤᠶᠢᠯᠠᠯ ᠤᠨ ᠬᠥᠭᠵᠢᠯᠲᠡ ᠶᠢᠨ ᠵᠠᠮ ᠢ ᠥᠷᠭᠡᠳᠬᠡᠵᠡᠶ  ︾ ᠭᠡᠵᠦ  ᠺᠣᠮᠫᠠᠨᠢ ᠶᠢᠨ ᠶᠡᠷᠦᠩᠬᠡᠶ ᠳᠠᠭᠠᠭᠠᠮᠠᠯ ᠶᠦᠨ ᠴᠧᠩ ᠢ ᠬᠡᠯᠡᠪᠡ᠃     ᠰᠦᠯᠳᠡ ᠮᠡᠲᠦ ᠶᠢᠨ ᠠᠵᠤ ᠠᠬᠤᠶᠢᠯᠠᠯ ᠬᠥᠬᠡᠬᠤᠲᠠ ᠳᠤ 40 ᠰᠢᠬᠠᠮ ᠡᠷᠦᠬᠡ ᠪᠣᠶ᠂ ᠲᠡᠳᠡᠭᠡᠷ ᠨᠢ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠲᠤ ᠲᠠᠷᠬᠠᠵᠤ᠂ ᠴᠥᠭᠡᠨ ᠲᠣᠭᠠᠲᠤ ᠦᠨᠳᠦᠰᠦᠲᠡ ᠤ ᠣᠨᠴᠠ ᠬᠡᠷᠡᠭᠴᠡᠭᠡᠲᠦ ᠪᠦᠲᠦᠭᠡᠭᠳᠡᠬᠦᠨ᠂ ᠴᠥᠭᠡᠨ ᠲᠣᠭᠠᠲᠤ ᠦᠨᠳᠦᠰᠦᠲᠡᠨ ᠤ ᠦᠢᠯᠡᠳᠪᠤᠷᠢᠯᠡᠯ ᠠᠮᠢᠳᠤᠷᠠᠯ ᠤᠨ ᠴᠢᠬᠤᠯᠠ ᠬᠡᠷᠡᠭᠴᠡᠭᠡᠨ ᠤ  ᠵᠥᠢᠯ᠂ ᠴᠥᠭᠡᠨ ᠲᠣᠭᠠᠲᠤ ᠦᠨᠳᠦᠰᠦᠲᠡᠨ ᠤ ᠲᠠᠷᠢᠶᠠᠯᠠᠩ ᠲᠤᠰᠠᠯᠠᠬᠤ ᠦᠢᠯᠡᠳᠪᠤᠷᠢᠯᠡᠯ ᠤᠨ ᠪᠦᠲᠦᠭᠡᠭᠳᠡᠬᠦᠨ ᠵᠡᠷᠭᠡ 11 ᠲᠥᠷᠥᠯ ‍ᠤᠨ‌ᠮᠢᠩᠭ᠎ᠠ ᠰᠢᠬᠠᠮ ᠵᠥᠢᠯ ᠪᠠᠶᠢᠨ᠎ᠠ᠃    ︽ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠴᠥᠭᠡᠨ ᠲᠣᠭᠠᠲᠤ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠴᠡᠭ ᠲᠣᠭᠲᠠᠭᠠᠨ ᠦᠢᠯᠡᠳᠪᠤᠷᠢᠯᠡᠬᠦ ᠠᠵᠤ ᠠᠬᠤᠶᠢᠯᠠᠯ ᠪᠠ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠳᠤ ᠥᠷᠲᠡᠭ ᠨᠡᠮᠡᠭᠳᠡᠯ ᠤᠨ ᠭᠠᠶᠢᠯᠢ ᠶᠢ ᠬᠠᠰᠤᠵᠤ ᠭᠡᠯᠳᠦᠷᠢᠭᠦᠯᠬᠦ᠂ ᠵᠢᠭᠡᠯᠡᠯᠭᠡ ᠶᠢᠨ ᠬᠠᠷᠠᠭᠠᠯᠵᠠᠯ ᠤᠨ ᠬᠦᠤ ᠮᠦᠩᠭᠦ ᠶᠢᠨ ᠨᠣᠷᠮ᠎ᠠ ᠶᠢ  ᠪᠠᠭᠠᠰᠬᠠᠬᠤ᠂  ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠳᠤ ᠳᠠᠮ ᠬᠦᠤ ᠥᠭᠬᠦ ᠭᠤᠷᠪᠠᠨ ᠵᠥᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ  ᠬᠡᠷᠡᠭᠵᠢᠭᠦᠯᠪᠡ᠃ ᠡᠭᠦᠨ ᠠᠴᠠ ᠭᠠᠳᠠᠨ᠎ᠠ᠂ ᠪᠢᠳᠡ ᠪᠠᠰᠠ ᠳᠤᠮᠳᠠᠳᠤ ᠤᠯᠤᠰ ᠤᠨ ᠠᠷᠠᠳ ᠤᠨ ᠠᠷᠠᠯᠵᠢᠶ᠎ᠠ ᠠᠷᠠᠳ ᠤᠨ ᠪᠦᠲᠦᠭᠡᠭᠳᠡᠬᠦᠨ ᠤ ᠠᠵᠤ ᠠᠬᠤᠶᠢᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠮᠡᠷᠭᠡᠵᠢᠯ ᠤᠨ ᠥᠭᠡᠷᠡᠴᠢᠯᠡᠯᠲᠡ ᠪᠣᠯᠤᠨ ᠪᠦᠲᠦᠭᠡᠭᠳᠡᠬᠦᠨ ᠢ  ᠳᠡᠯᠭᠡᠷᠡᠭᠦᠯᠬᠦ ᠠᠵᠢᠯ ᠢ ᠲᠤᠩ ᠴᠢᠬᠤᠯᠠᠴᠢᠯᠠᠵᠤ᠂ ᠦᠨᠳᠦᠰᠦᠲᠡᠨ ᠤ ᠲᠠᠸᠠᠷ ᠤᠨ ᠳᠡᠯᠭᠡᠨ ᠪᠣᠷᠣᠯᠠᠭᠤᠯᠬᠤ ᠴᠤᠭᠯᠠᠭᠠᠨ᠂ ᠠᠷᠠᠯᠵᠢᠶᠠᠨ ᠤ ᠴᠤᠭᠯᠠᠭᠠᠨ᠂ ᠦᠵᠡᠰᠬᠦᠯᠡᠩ᠂ ᠦᠢᠯᠡᠳᠭᠦᠨ ᠢ ᠳᠡᠯᠭᠡᠷᠡᠭᠦᠯᠬᠦ ᠬᠤᠷᠠᠯ ᠵᠡᠷᠭᠡ ᠡᠯ᠎ᠡ  ᠵᠥᠢᠯ ᠤᠨ ᠲᠠᠪᠴᠠᠩ ᠢᠶᠠᠷ ᠳᠠᠮᠵᠢᠨ ᠲᠧᠭᠨᠢᠭ ᠮᠡᠷᠭᠡᠵᠢᠯ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠦᠢᠯᠡᠳᠬᠦᠨ ᠪᠠ ᠨᠡᠷᠡᠲᠦ ᠲᠡᠮᠳᠡᠭᠲᠦ ᠶᠢ  ᠳᠡᠯᠭᠡᠷᠡᠭᠦᠯᠪᠡ︾᠃ ᠬᠤᠲᠠ ᠶᠢᠨ ᠦᠨᠳᠦᠰᠦᠲᠡᠨ ᠤ ᠵᠥᠪᠯᠡᠯ ᠤᠨ ᠦᠨᠳᠦᠰᠦᠲᠡᠨ ᠤ ᠢᠳᠡᠭᠡᠨ ᠤ  ᠵᠥᠢᠯ ᠳᠤ ᠬᠢᠨᠠᠯᠲᠠ ᠲᠠᠯᠪᠢᠬᠤ  ᠦᠢᠯᠡᠴᠢᠯᠡᠭᠡᠨ ᠤ ᠰᠠᠯᠠᠭᠠᠨ ᠳᠠᠷᠤᠭ᠎ᠠ ᠶᠦᠨ ᠫᠧᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠳᠡᠭᠡᠷ ᠦᠨᠳᠦᠰᠦᠲᠡᠨ ᠤ ᠠᠵᠤ ᠠᠬᠤᠶᠢᠯᠠᠯ ᠬᠥᠭᠵᠢᠨ ᠪᠤᠵᠠᠭᠠᠢᠢᠷᠠᠬᠤ ᠶᠠᠪᠤᠴᠠ ᠳᠠᠭᠠᠨ ᠪᠠᠰᠠ ᠨᠡᠶᠢᠭᠡᠮ ᠳᠤ ᠠᠴᠢ ᠬᠠᠷᠢᠭᠤᠯᠬᠤ ᠪᠠᠨ ᠮᠠᠷᠲᠠᠭ᠎ᠠ ᠦᠭᠡᠢ᠂ ᠨᠡᠩ ᠶᠡᠭᠡ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ︽ᠵᠢᠱᠢᠶᠡᠯᠡᠪᠡᠯ ᠬᠥᠳᠡᠯᠮᠦᠷᠢ ᠬᠦᠴᠦ ᠬᠡᠷᠡᠭᠯᠡᠬᠦ ᠳᠤᠮᠳᠠ᠂ ᠡᠳᠡᠭᠡᠷ ᠠᠵᠤ ᠠᠬᠤᠶᠢᠯᠠᠯ ᠤᠨ ᠬᠢᠨ ᠴᠥᠭᠡᠨ ᠲᠣᠭᠠᠲᠤ ᠦᠨᠳᠦᠰᠦᠲᠡᠨ ᠤ ᠠᠵᠢᠯᠲᠠᠨ ᠠᠵᠢᠯᠴᠢᠨ ᠢ ᠤᠷᠢᠨ  ᠬᠡᠷᠡᠭᠯᠡᠬᠦ ᠠᠩᠬᠠᠷᠴᠤ᠂ ᠦᠨᠳᠦᠰᠦᠲᠡᠨ ᠤ ᠰᠣᠶᠣᠯ ᠤᠨ ᠥᠪ ᠢ ᠵᠠᠯᠭᠠᠮᠵᠢᠯᠠᠬᠤ ᠪᠠ ᠪᠠᠳᠠᠷᠠᠭᠤᠯᠬᠤ ᠶᠢ  ᠴᠢᠬᠤᠯᠠᠴᠢᠯᠠᠵᠦ᠂ ᠴᠥᠭᠡᠨ ᠲᠣᠭᠠᠲᠤ ᠦᠨᠳᠦᠰᠦᠲᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠠᠩᠬᠠᠷᠴᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯᠯᠠᠭ᠎ᠠ ᠳᠤᠮᠳᠠ ᠦᠨᠳᠦᠰᠦᠲᠡᠨ ᠤ  ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠠᠮᠲᠤ ᠪᠠ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠬᠤ ᠪᠠᠷ ᠴᠢᠷᠮᠠᠶᠢᠬᠤ ᠵᠡᠷᠭᠡ ᠲᠠᠯ᠎ᠠ ᠪᠠᠷ ᠬᠤᠪᠢ ᠨᠡᠮᠡᠷᠢ ᠪᠠᠨ ᠦᠵᠡᠭᠦᠯᠪᠡ︾ ᠭᠡᠵᠡᠢ᠃http://mongol.people.com.cn/15824615.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号