ᠬᠥᠬᠡᠬᠤᠲᠠ ᠨᠡᠶᠢᠭᠡᠮ ᠤᠨ ᠤᠷᠠᠯᠢᠭ ᠤᠨ ᠬᠢᠷᠢ ᠲᠦᠪᠰᠢᠨ ᠤ ᠲᠠᠰ ᠰᠢᠯᠭᠠᠬᠤ ᠬᠠᠤᠯᠢ ᠬᠡᠷᠡᠭᠵᠢᠭᠦᠯᠣᠯᠳᠠ ᠶᠢᠨ ᠪᠠᠶᠢᠴᠠᠭᠠᠯᠲᠠ ᠶᠢ ᠠᠩᠬ᠎ᠠ ᠤᠳᠠᠭ᠎ᠠ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2020/9/21
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ ᠴᠢᠮᠡᠭᠡᠯᠡᠭᠴᠢ ᠵᠠᠩ ᠰᠢᠤᠸᠠᠨ  ᠰᠤ᠋ ᠰᠢᠶᠤᠤ ᠳ᠋ᠦᠩ︶  ᠬᠥᠬᠡᠬᠤᠲᠠ ᠶᠢᠨ ᠨᠡᠶᠢᠭᠡᠮ ᠤᠨ ᠤᠷᠠᠯᠢᠭ ᠤᠨ ᠬᠢᠷᠢ ᠲᠦᠪᠰᠢᠨ ᠤ ᠲᠠᠰ ᠰᠢᠯᠭᠠᠬᠤ ᠠᠵᠢᠯᠯᠠᠭ᠎ᠠ ᠶᠢ ᠵᠢᠷᠣᠮᠵᠢᠭᠤᠯᠵᠣ᠂ ᠰᠢᠯᠭᠠᠭᠤᠯᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠦ᠂ ᠨᠡᠶᠢᠭᠡᠮ ᠤᠨ ᠤᠷᠠᠯᠢᠭ ᠤᠨ ᠬᠢᠷᠢ ᠬᠡᠮᠵᠢᠶ᠎ᠡ ᠶᠢᠨ ᠲᠠᠰ ᠰᠢᠯᠭᠠᠬᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ  ᠴᠢᠩᠭᠠᠳᠬᠠᠬᠤ   ᠶᠢᠨ ᠲᠤᠯᠠᠲᠠ᠂ 9 ᠰᠠᠷ᠎ᠠ ᠶᠢᠨ 16 ᠤ ᠡᠳᠦᠷ ᠠᠴᠠ ᠡᠬᠢᠯᠡᠨ᠂ ᠬᠥᠬᠡᠬᠤᠲᠠ ᠨᠡᠶᠢᠭᠡᠮ ᠤᠨ ᠤᠷᠠᠯᠢᠭ ᠤᠨ ᠬᠢᠷᠢ ᠲᠦᠪᠰᠢᠨ ᠤ ᠲᠡᠰ ᠰᠢᠯᠭᠠᠬᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠰᠬᠠᠶ ᠠᠵᠢᠯᠯᠠᠭ᠎ᠠ ᠶᠢ ᠠᠩᠬ᠎ᠠ ᠤᠳᠠᠭ᠎ᠠ  ᠪᠥᠬᠦ ᠲᠠᠯ᠎ᠠ ᠪᠠᠷ ᠥᠷᠨᠢᠭᠦᠯᠪᠡ᠃      ᠲᠦᠷᠦᠭᠦᠦ ᠬᠤᠭᠤᠴᠠᠭᠠᠨ ᠤ ᠪᠠᠶᠢᠴᠠᠭᠠᠯᠲᠠ ᠳᠤ᠂ ᠦᠪᠤᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ  ᠵᠤᠭᠠᠴᠠᠯ ᠤᠨ  ᠲᠢᠩᠬᠢᠮ᠂ ᠬᠤᠲᠠ ᠶᠢᠨ ᠰᠣᠶᠣᠯ  ᠵᠤᠭᠠᠴᠠᠯ ᠤᠨ ᠲᠣᠪᠴᠢᠶ᠎ᠠ ᠵᠢᠴᠢ ᠬᠤᠲᠠ᠂ ᠰᠠᠶᠢᠬᠠᠨ ᠲᠣᠭᠤᠷᠢᠭ ᠬᠤᠶᠠᠷ ᠱᠠᠲᠤᠨ ᠤ  ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠬᠠᠮᠲᠤᠷᠠᠨ ᠰᠠᠶᠢᠬᠠᠨ ᠲᠣᠭᠤᠷᠢᠭ ᠤᠨ ᠨᠡᠶᠢᠭᠡᠮ ᠤᠨ ᠤᠷᠠᠯᠢᠭ ᠤᠨ ᠬᠢᠷᠢ ᠬᠡᠮᠵᠢᠶ᠎ᠡ ᠶᠢᠨ ᠲᠡᠰ ᠰᠢᠯᠭᠠᠬᠤ  ᠵᠠᠬ᠎ᠠ ᠲᠡᠯᠭᠡᠬᠦᠷ ᠲᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃    ᠲᠣᠰ ᠤᠳᠠᠭᠠᠨ ᠤ ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠦᠭᠴᠢ ᠠᠴᠠ ᠲᠣᠰ ᠤᠳᠠᠭᠠᠨ ᠤ ᠤᠷᠠᠯᠢᠭ ᠤᠨ ᠲᠠᠰ ᠰᠢᠯᠭᠠᠬᠤ ᠠᠵᠢᠯᠯᠠᠭ᠎ᠠ ᠶᠢᠨ ᠮᠡᠳᠡᠬᠦᠯᠣᠨ ᠵᠦᠪᠰᠢᠶᠡᠷᠡᠬᠦ᠂ ᠰᠢᠯᠭᠠᠯᠲᠠ ᠶᠢᠨ ᠴᠡᠭ ᠤᠨ ᠬᠢᠷᠢ ᠬᠡᠮ ᠂ ᠲᠡᠰ ᠰᠢᠯᠭᠠᠬᠤ ᠲᠣᠪᠴᠢ ᠲᠦᠷᠢᠮ᠂ ᠰᠢᠯᠭᠠᠭᠤᠯᠤᠭᠴᠢ ᠶᠢᠨ ᠲᠤᠭ᠎ᠠ ᠬᠡᠮᠵᠢᠶ᠎ᠡ᠂ ᠰᠢᠯᠭᠠᠯᠲᠠ ᠶᠢᠨ ᠵᠢᠭᠠᠬᠤ ᠮᠠᠲ᠋ᠧᠷᠢᠶᠠᠯ᠂ ᠰᠢᠯᠭᠠᠯᠲᠠ ᠶᠢᠨ ᠲᠠᠯᠠᠪᠠᠶ ᠶᠢᠨ ᠲᠣᠬᠢᠷᠠᠭᠤᠯᠣᠯᠳᠠ ᠪᠠ ᠰᠢᠯᠭᠠᠭᠤᠯᠤᠭᠴᠢ ᠶᠢᠨ ᠨᠡᠷᠡᠰ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ︔ ᠰᠣᠶᠣᠯ  ᠵᠤᠭᠠᠴᠠᠯ ᠤᠨ ᠶᠠᠮᠤᠨ ᠤ ︽ᠨᠡᠶᠢᠭᠡᠮ ᠤᠨ ᠤᠷᠠᠯᠢᠭ ᠤᠨ ᠲᠦᠪᠰᠢᠨ ᠤ ᠲᠡᠰ ᠰᠢᠯᠭᠠᠬᠤ ᠠᠬᠤᠢ ᠲᠠᠯᠠᠪᠤᠷ ᠤᠨ ᠰᠢᠯᠭᠠᠯᠲᠠ ᠶᠢ ᠰᠡᠷᠬᠦᠬᠡᠬᠦ ᠬᠢᠵᠢᠭ ᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢᠨ ᠵᠦᠭᠯᠡᠭᠦᠷ︾ ᠤᠨ ᠶᠣᠰᠣᠭᠠᠷ ᠬᠢᠵᠢᠭ  ᠢ ᠰᠡᠷᠭᠡᠶᠢᠯᠡᠨ  ᠬᠤᠷᠢᠭᠯᠠᠬᠤ ᠠᠵᠢᠯ ᠢ ᠰᠠᠶᠢᠲᠤᠷ ᠬᠢᠭᠰᠡᠨ ᠡᠰᠡᠬᠦ ᠵᠡᠷᠭᠡ ᠠᠭᠤᠯᠭ᠎ᠠ ᠶᠢ ᠪᠠᠶᠢᠴᠠᠭᠠᠪᠠ᠃ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠣᠪᠴᠢᠶ᠎ᠠ ᠨᠢ ᠲᠠᠪᠴᠠᠩ ᠤᠨ ᠲᠤᠭ᠎ᠠ ᠪᠠᠷᠢᠮᠲᠠ ᠴᠤᠭᠯᠠᠭᠤᠯᠬᠤ᠂ ᠤᠲᠠᠰᠤ ᠪᠠᠷ ᠨᠤᠲᠠᠯᠠᠬᠤ ᠵᠡᠷᠭᠡ ᠠᠷᠭ᠎ᠠ ᠮᠠᠶ᠋ᠢᠭ ᠢᠶᠠᠷ ᠪᠦᠬᠦ ᠬᠤᠲᠠ ᠶᠢᠨ ᠲᠡᠰ ᠰᠢᠯᠭᠠᠬᠤ‌‍ᠴᠢᠭ ‍ᠤᠨ‌‍ᠲ᠋ᠤᠭ᠎ᠠ ᠬᠡᠮᠵᠢᠶ᠎ᠡ᠂ ᠨᠡᠷᠡᠶᠢᠳᠦᠯ᠂ ᠰᠢᠯᠭᠠᠯᠲᠠ ᠶᠢᠨ ᠴᠠᠭ᠂ ᠭᠠᠵᠠᠷ ᠣᠷᠣᠨ᠂ ᠬᠥᠮᠦᠨ ᠤ ᠲᠤᠭ᠎ᠠ ᠵᠡᠷᠭᠡ ᠮᠡᠳᠡᠭᠡ ᠵᠠᠩᠭᠢ ᠶᠢ ᠬᠥᠳᠡᠯᠦᠩᠭᠦᠶ ᠪᠠᠷ ᠰᠢᠨᠡᠳᠬᠡᠵᠦ᠂ ᠬᠤᠶᠢᠨᠠᠬᠢ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠶᠢᠨ ᠰᠠᠭᠤᠷᠢ ᠲᠤᠭ᠎ᠠ ᠲᠣᠳᠣᠷᠬᠠᠶ᠂ ᠴᠢᠭᠯᠡᠯ ᠲᠣᠳᠣᠷᠬᠠᠶ ᠪᠠᠶᠢᠬᠤ ᠶᠢ ᠦᠨᠡᠨᠬᠦ  ᠪᠠᠲᠤᠯᠠᠪᠠ᠃ ᠣᠲᠣ ᠪᠣᠯᠲᠠᠯ᠎ᠠ᠂ ᠬᠡᠰᠡᠭ ᠲᠠᠰ ᠰᠢᠯᠭᠠᠬᠤ ᠴᠡᠭ ᠢ ᠨᠤᠲᠠᠯᠠᠬᠤ ᠠᠵᠢᠯ ᠵᠠᠯᠭᠠᠭ᠎ᠠ ᠪᠠᠷ ᠣᠷᠠᠯᠢᠭ ‍ᠤᠨ‌‍ᠰᠢᠯᠭᠠᠯᠲᠠ ᠶᠢᠨ ᠠᠵᠢᠯᠯᠠᠭ᠎ᠠ  ᠦᠷᠨᠢᠭᠦᠯᠵᠦ ᠪᠠᠶᠢᠨ᠎ᠠ᠃     ᠬᠥᠬᠡᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠣᠪᠴᠢᠶ᠎ᠠ ᠨᠢ ᠡᠯ᠎ᠡ ᠬᠤᠰᠢᠭᠤ ᠰᠢᠶᠠᠨ ᠲᠣᠭᠤᠷᠢᠭ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠪᠦᠬᠦ ᠬᠤᠲᠠ ᠶᠢᠨ ᠨᠡᠶᠢᠭᠡᠮ ᠤᠨ ᠤᠷᠠᠯᠢᠭ ᠤᠨ ᠬᠢᠷᠢ ᠲᠦᠪᠰᠢᠨ ᠤ ᠳᠡᠰ ᠰᠢᠯᠭᠠᠬᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ  ᠴᠢᠩᠭᠠᠳᠬᠠᠵᠣ᠂  ᠵᠦᠪᠰᠢᠶᠡᠷᠡᠯ ᠦᠭᠡᠢ ᠪᠠᠷ ᠤᠷᠠᠯᠢᠭ ᠤᠨ ᠳᠡᠰ ᠰᠢᠯᠭᠠᠬᠤ ᠠᠵᠢᠯᠯᠠᠭ᠎ᠠ ᠶᠢ ᠳᠤᠷ᠎ᠠ ᠪᠠᠷ ᠢᠶᠠᠨ ᠡᠷᠬᠢᠯᠡᠬᠦ  ᠬᠠᠣᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠦᠭᠪᠡ᠃ ᠬᠠᠤᠯᠢ ᠬᠡᠷᠡᠭᠵᠢᠭᠦᠯᠦᠭᠴᠢ ᠶᠢ ᠵᠣᠬᠢᠶᠠᠨ ᠪᠠᠶᠢᠭᠤᠯᠵᠤ  ᠂ ᠤᠷᠠᠯᠢᠭ ᠤᠨ ᠳᠡᠰ ᠰᠢᠯᠭᠠᠬᠤ ᠪᠠᠶᠢᠭᠤᠯᠤᠮᠵᠢ ᠪᠣᠯᠤᠨ ᠲᠠᠭᠠᠭᠠᠨ ᠠᠪᠴᠤ ᠭᠦᠢᠴᠡᠳᠭᠡᠬᠦ ᠨᠢᠭᠡᠴᠡ ᠳᠤ ᠪᠦᠬᠦ ᠲᠠᠯ᠎ᠠ ᠶᠢᠨ ᠪᠠᠶᠢᠴᠠᠭᠠᠯᠲᠠ ᠶᠢ ᠦᠷᠭᠦᠯᠵᠢᠯᠡᠨ  ᠦᠷᠨᠢᠬᠦᠯᠵᠣ᠂ ᠲᠡᠰ ᠤᠨ ᠰᠢᠯᠭᠠᠯᠲᠠ ᠶᠢᠨ ᠲᠥᠷᠥᠯ ᠵᠦᠢᠯ ᠢ ᠡᠵᠡᠮᠰᠢᠨ ᠳᠠᠩᠰᠠᠯᠠᠭᠤᠯᠵᠤ᠂ ᠤᠷᠠᠯᠢᠭ ᠤᠨ ᠲᠠᠰ ᠰᠢᠯᠭᠠᠬᠤ ᠪᠠᠶᠢᠭᠤᠯᠤᠮᠵᠢ ᠪᠠ ᠳᠠᠭᠠᠭᠠᠨ ᠠᠪᠴᠤ ᠭᠦᠶ᠋ᠴᠡᠳᠬᠡᠬᠦ ᠨᠢᠭᠡᠴᠡ ᠶᠢᠨ ᠮᠡᠳᠡᠭᠡ ᠵᠠᠩᠭᠢ ᠶᠢ ᠪᠦᠷᠢᠳᠬᠡᠨ ᠬᠤᠷᠢᠶᠠᠩᠭᠤᠶᠢᠯᠠᠵᠤ᠂ ᠤᠷᠠᠯᠢᠭ ᠤᠨ ᠲᠠᠰ ᠰᠢᠯᠭᠠᠬᠤ ᠪᠠᠶᠢᠭᠤᠯᠤᠮᠵᠢ ᠪᠠ ᠳᠠᠭᠠᠭᠠᠨ ᠠᠪᠴᠤ  ᠭᠦᠢᠴᠡᠳᠭᠡᠬᠦ ᠨᠢᠭᠡᠴᠡ ᠶᠢᠨ ᠰᠠᠭᠤᠷᠢ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠪᠠᠶᠢᠭᠤᠯᠤᠨ ᠲᠡᠭᠦᠯᠳᠡᠷᠵᠢᠭᠦᠯᠵᠦ᠂ ᠲᠡᠷᠡᠴᠢᠯᠡᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠵᠢᠴᠢ ᠠᠰᠠᠭᠤᠨ ᠯᠠᠪᠯᠠᠬᠤ ᠤᠲᠠᠰᠤ ︽12318︾᠂ ᠸᠢᠴᠠᠲ᠂ ᠣᠬᠤᠷ ᠮᠡᠳᠡᠭᠡ ᠵᠡᠷᠭᠡ ᠬᠡᠯᠪᠡᠷᠢ ᠪᠠᠷ ᠨᠡᠶᠢᠭᠡᠮ ᠤᠨ ᠤᠷᠠᠯᠢᠭ ᠤᠨ ᠲᠡᠰ ᠰᠢᠯᠭᠠᠬᠤ ᠬᠠᠮᠢᠶ᠎ᠠ ᠪᠦᠬᠦᠢ ᠬᠠᠤᠯᠢ ᠲᠣᠭᠲᠠᠭᠠᠯ ᠵᠢᠴᠢ ᠬᠠᠮᠢᠶ᠎ᠠ ᠪᠦᠬᠦᠢ ᠮᠡᠳᠡᠯᠭᠡ ᠶᠢ ᠥᠷᠭᠡᠨ ᠢᠶᠠᠷ ᠣᠬᠠᠭᠤᠯᠵᠣ᠂ ᠤᠷᠠᠯᠢᠭ ᠤᠨ ᠲᠡᠰ  ᠰᠢᠯᠭᠠᠬᠤ ᠪᠠᠶᠢᠭᠤᠯᠤᠮᠵᠢ ᠶᠢ ᠵᠢᠭᠠᠨ ᠵᠢᠯᠣᠭᠤᠳᠴᠤ ᠪᠠᠶᠢᠭᠠᠳ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠳᠠᠩᠰᠠᠯᠠᠭᠤᠯᠬᠤ ᠵᠢᠴᠢ ᠲᠡᠰ ᠰᠢᠥᠯᠭᠠᠬᠤ ᠠᠵᠢᠯ ᠢ ᠵᠣᠬᠢᠶᠠᠨ  ᠪᠠᠶᠢᠭᠤᠯᠵᠠᠢ᠃http://mongol.people.com.cn/15824650.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号