ᠬᠤᠲᠠ ᠶᠢᠨ ᠵᠠᠰᠠᠭ ᠤᠨ ᠣᠷᠳᠣᠨ ᠤ 2020 ᠣᠨ ᠤ 14  ᠳ᠋ᠤᠭᠡᠷ ᠤᠳᠠᠭ᠎ᠠ ᠶᠢᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/21
ᠵᠠᠩ ᠪᠠᠢ ᠴᠧᠩ ᠡᠷᠬᠢᠯᠡᠪᠡ      ︵ᠰᠤᠷᠪᠤᠯᠵᠢᠯᠠᠭᠴᠢ ᠶᠦᠨ ᠶᠠᠨ ᠹᠠᠩ︶ 9 ᠳ᠋ᠦ᠋ᠭᠡᠷ ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 14 ᠳ᠋ᠤᠭᠡᠷ ᠤᠳᠠᠭ᠎ᠠ ᠶᠢᠨ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠠᠴᠠ ᠮᠠᠨ ᠤ ᠬᠤᠲᠠ ᠶᠢᠨ 2020 ᠣᠨ ᠤ ᠪᠣᠬᠢᠷᠲᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠤ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠪᠦᠬᠦ ᠬᠤᠲᠠ ᠶᠢᠨ  1 ᠠᠴᠠ 8 ᠳ᠋ᠤᠭᠠᠷ ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠰᠤᠳᠤᠯᠤᠨ᠂ ᠳᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠬᠦ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠨ ᠬᠢᠵᠦ ᠢᠯᠠᠯᠲᠠ ᠣᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠥᠷᠭᠡᠨ ᠣᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠪᠠ ᠡᠪᠦᠯ ᠤᠨ ᠳᠤᠯᠠᠭᠠᠯᠠᠭ᠎ᠠ ᠶᠢᠨ ᠠᠵᠢᠯ ᠢ  ᠰᠠᠶᠢᠳᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠣᠯᠭᠠᠮ᠎ᠠ ᠰᠡᠳᠬᠢᠯᠭᠡ ᠪᠠᠨ ᠦᠨᠡᠨᠬᠦ ᠳᠡᠭᠡᠭᠰᠢᠯᠡᠭᠦᠯᠵᠦ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠴᠠᠭ ᠲᠠᠭᠠᠨ ᠪᠡᠶᠡᠯᠡᠭᠦᠯᠵᠦ᠂ ᠡᠨᠡ ᠵᠢᠯ ᠤᠨ ᠳᠤᠯᠠᠭᠠᠯᠠᠭ᠎ᠠ ᠶᠢᠨ ᠤᠯᠠᠷᠢᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠪ ᠬᠤᠲᠠ ᠶᠢᠨ ᠣᠯᠠᠨ ᠲᠦᠮᠡᠨ ᠤ ᠡᠪᠦᠯ ᠤᠨ ᠳᠤᠯᠠᠭᠠᠯᠠᠭ᠎ᠠ ᠶᠢᠨ ᠱᠠᠭᠠᠷᠳᠠᠯᠭ᠎ᠠ ᠶᠢ ᠦᠨᠡᠨᠬᠦ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣ ᠨᠢᠭᠡᠨᠲᠡ ᠶᠢᠰᠦᠳᠦᠭᠡᠷ ᠰᠠᠷ᠎ᠠ ᠶᠢᠨ ᠰᠡᠭᠦᠯᠴᠢ ᠪᠣᠯᠵᠤ᠂ ᠪᠦᠬᠦ ᠵᠢᠯ ᠤᠨ ᠡᠯ᠎ᠡ ᠵᠦᠢᠯ ᠤᠨ ᠠᠵᠢᠯ ᠤᠨ ᠬᠠᠷᠠᠯᠲᠠ ᠶᠢ ᠪᠡᠶᠡᠯᠡᠭᠦᠯᠬᠦ ᠴᠠᠭ ᠲᠤᠶᠢᠯ ᠤᠨ ᠪᠠᠴᠢᠮ᠂ ᠡᠭᠦᠷᠭᠡ ᠲᠤᠶᠢᠯ ᠤᠨ ᠬᠦᠨᠳᠦ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠦᠨᠡᠨᠬᠦ ᠶᠠᠭᠠᠷᠠᠯᠴᠠᠵᠤ ᠳᠠᠷᠤᠢ ᠬᠥᠳᠡᠯᠦᠯᠴᠡᠨ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠠᠵᠢᠯ ᠤᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠲᠠᠢ ᠬᠠᠷᠭᠤᠭᠤᠯᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠳᠠᠷᠤᠰᠢᠭᠤᠯᠤᠨ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠠᠬᠢᠭᠤᠯᠤᠯᠲᠠ ᠪᠠᠨ ᠲᠦᠷᠭᠡᠳᠬᠡᠨ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠳᠠᠷᠠᠭ᠎ᠠ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠡᠷᠲᠡ ᠠᠴᠠ ᠤᠷᠢᠳᠴᠢᠯᠠᠨ ᠲᠥᠯᠥᠪᠯᠡᠵᠦ᠂ ᠡᠷᠲᠡ ᠲᠣᠬᠢᠷᠠᠭᠤᠯᠤᠨ᠂ ᠡᠷᠲᠡ ᠪᠠᠶᠢᠷᠢᠯᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠬᠠᠨ ᠡᠬᠢᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠪᠢ ᠭᠥᠸᠧ ᠴᠧᠨ᠂ ᠮᠠᠤ ᠪᠣᠣ ᠹᠧᠩ᠂ ᠴᠢᠶᠥᠥ ᠶᠦᠨ ᠯᠢ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号