ᠬᠦᠬᠡᠬᠤᠳᠠ ᠳᠤᠮᠳᠠ ᠪᠠᠭ᠎ᠠ ᠠᠵᠦ ᠠᠬᠤᠢᠢᠯᠠᠯ ᠳᠤ 267 ᠲᠦᠮᠨᠨ ᠲᠦᠬᠦᠷᠢᠭ ᠤᠨ ᠠᠳᠠᠯ ᠠᠬᠤᠢ ᠶᠢᠨ ᠨᠦᠬᠦᠪᠦᠷᠢ ᠥᠭᠪᠡ
ᠨᠡᠶᠢᠲᠡᠯᠡᠭᠰᠡᠨ ᠴᠠᠭ᠄
2020/9/22
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠬᠠᠢ ᠴᠢᠤᠧᠠᠨ︶ ᠬᠢᠨᠠᠨ ᠬᠠᠷᠭᠤᠭᠤᠯᠬᠤ ᠪᠠᠷ ᠲᠠᠮᠵᠢᠵᠦ᠂ ᠲᠦᠷᠦᠬᠦᠬᠡᠨ ᠬᠥᠬᠡᠬᠤᠲᠠ ᠶᠢᠨ ᠠᠵᠦ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠬᠥᠬᠡᠬᠤᠲᠠ ᠶᠢᠨ ᠵᠠᠰᠠᠭ ᠤᠨ ᠤᠷᠳᠤᠨ ᠠᠴᠠ ᠭᠤᠤᠯᠯᠠᠨ ᠵᠢᠯᠤᠭᠤᠳᠴᠤ ᠪᠠᠶᠢᠭ᠎ᠠ ᠦᠢᠯᠡᠰ ᠪᠤᠰᠬᠠᠬᠤ 5 ᠬᠦᠷᠢᠶᠡᠯᠡᠩ ᠲᠣᠭᠤᠷᠢᠭ ᠤᠨ ᠨᠦᠬᠦᠴᠡᠯ ᠳᠤ ᠨᠡᠶᠢᠴᠡᠬᠦ 353 ᠠᠵᠦ ᠠᠬᠤᠢᠢᠯᠠᠯ ᠳᠤ 267 ᠲᠦᠮᠨᠨ ᠲᠦᠬᠦᠷᠢᠭ ᠤᠨ 2020 ᠤᠨ ᠤ ᠠᠳᠠᠯ ᠠᠬᠤᠢ ᠶᠢᠨ ᠨᠥᠬᠦᠪᠦᠷᠢ ᠥᠭᠭᠦᠭᠰᠡᠨ ᠪᠠᠶᠢᠨ᠎ᠠ᠃      ᠤᠳᠤᠬᠠᠨ ᠳᠤ ᠨᠥᠬᠦᠪᠦᠷᠢ ᠮᠥᠩᠭᠦ ᠶᠢ ᠨᠢᠭᠡᠨᠲᠡ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠨᠢᠭᠡᠴᠢ ᠳᠤ ᠪᠠᠭᠤᠯᠭᠠᠵᠦ᠂ ᠡᠯ᠎ᠡ ᠦᠢᠯᠡᠰ ᠪᠤᠰᠬᠠᠬᠤ ᠬᠦᠷᠢᠶᠡᠯᠡᠩ ᠲᠣᠭᠤᠷᠢᠭ ᠤᠨ ᠬᠡᠪ ᠤᠨ ᠡᠷᠬᠢᠯᠳᠡ ᠶᠢ ᠪᠠᠳᠤᠯᠠᠨ᠂ ᠠᠩᠬ᠎ᠠ ᠦᠢᠯᠡᠰ ᠪᠤᠰᠬᠠᠵᠦ ᠪᠠᠶᠢᠭ᠎ᠠ ᠠᠵᠦ ᠠᠬᠤᠶᠢᠯᠠᠯ ᠤᠨ ᠡᠵᠡᠩᠨᠡᠯᠳᠡ ᠶᠢᠨ ᠲᠠᠷᠤᠭᠠᠰᠤ ᠶᠢ ᠬᠦᠩᠬᠡᠷᠡᠬᠦᠯᠦᠭᠰᠡᠨ ᠪᠠᠶᠢᠨ᠎ᠠ᠃ ︽ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠵᠢᠭ ᠤᠨ ᠪᠠᠶᠢᠳᠠᠯ ᠢ ᠠᠷᠭᠠᠴᠠᠭᠠᠵᠤ ᠲᠤᠮᠳᠠ ᠪᠠᠭ᠎ᠠ ᠠᠵᠤ ᠠᠬᠤᠶᠢᠯᠠᠯ ᠤᠨ ᠡᠷᠡᠬᠦᠯ  ᠬᠦᠭᠵᠢᠯᠳᠡ ᠶᠢ ᠲᠡᠮᠵᠢᠬᠦ ᠠᠷᠪᠠᠨ ᠲᠠᠪᠤᠨ ᠵᠤᠷᠪᠤᠰ ᠠᠷᠭ᠎ᠠ ᠬᠡᠮᠵᠢᠶ᠎ᠡ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠵᠢᠷᠭᠤᠭ᠎ᠠ ᠶᠢ ᠲᠤᠬᠳᠠᠪᠤᠷᠢᠵᠢᠭᠤᠯᠬᠤ︾ ᠠᠵᠢᠯ ᠢ ᠰᠠᠶᠢᠳᠤᠷ ᠬᠢᠵᠦ᠂ ︽ᠵᠢᠷᠭᠤᠭ᠎ᠠ ᠶᠢ ᠪᠠᠳᠤᠯᠠᠬᠤ︾ ᠡᠬᠦᠷᠬᠡ ᠶᠢ ᠡᠷᠡᠰ ᠨᠠᠶᠢᠳᠠᠪᠤᠷᠢᠵᠢᠭᠤᠯᠬᠤ ᠶᠢᠨ ᠲᠦᠯᠦᠬᠡ᠂ ᠬᠦᠬᠡᠬᠤᠳᠠ ᠶᠢᠨ ᠠᠵᠦ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ  ᠲᠣᠪᠴᠢᠶ᠎ᠠ ᠠᠴᠠ ᠵᠠᠰᠠᠭ ᠤᠨ ᠤᠷᠳᠤᠨ ᠠᠴᠠ ᠭᠤᠤᠯᠯᠠᠨ ᠵᠢᠯᠤᠭᠤᠳᠤᠬᠰᠠᠨ ᠦᠢᠯᠡᠰ ᠪᠤᠰᠬᠠᠬᠤ ᠬᠦᠷᠢᠶᠡᠯᠡᠩ ᠲᠣᠭᠤᠷᠢᠭ ᠤᠨ ᠳᠣᠲᠣᠷ᠎ᠠ ᠨᠤᠳᠤᠬᠰᠢᠬᠰᠠᠨ ᠠᠵᠦ ᠠᠬᠤᠶᠢᠯᠠᠯ ᠤᠨ ᠭᠡᠷ ᠪᠠᠶᠢᠰᠢᠩ ᠤᠨ ᠲᠦᠷᠢᠶᠡᠰᠤ᠂ ᠠᠳᠠᠯ ᠠᠬᠤᠢ ᠶᠢᠨ ᠰᠦᠢᠳᠬᠡᠯ ᠢ ᠬᠠᠰᠤᠨ ᠬᠡᠯᠲᠦᠷᠢᠭᠦᠯᠦᠭᠰᠡᠨ ᠪᠠᠶᠢᠳᠠᠯ ᠢ ᠤᠷᠢᠳ ᠢᠶᠠᠷ ᠪᠠᠶᠢᠴᠠᠭᠠᠨ ᠤᠢᠢᠯᠠᠭᠠᠬᠰᠠᠨ ᠤ ᠳᠠᠷᠠᠭ᠎ᠠ᠂ ᠬᠦᠬᠡᠬᠤᠳᠠ ᠶᠢᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠦᠨ᠂ 2020 ᠤᠨ ᠤ ᠦᠢᠯᠡᠰ ᠪᠤᠰᠬᠠᠬᠤ ᠬᠦᠷᠢᠶᠡᠯᠡᠩ ᠲᠣᠭᠤᠷᠢᠭ ᠤᠨ ᠠᠳᠠᠯ ᠠᠬᠤᠢ ᠶᠢᠨ ᠨᠦᠬᠦᠪᠦᠷᠢ ᠦᠭᠬᠦ ᠲᠦᠷᠦᠯ ᠵᠦᠢᠯ ᠢ ᠮᠡᠳᠡᠬᠦᠯᠬᠦ ᠠᠵᠢᠯ ᠢ ᠵᠤᠬᠢᠶᠠᠨ ᠪᠠᠶᠢᠭᠤᠯᠵᠦ ᠦᠷᠨᠢᠬᠦᠯᠦᠭᠰᠡᠨ ᠪᠠᠶᠢᠨ᠎ᠠ᠃ ᠲᠠᠷᠠᠭᠠᠴᠢ ᠪᠠᠷ᠂ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠦᠷᠬᠦᠯᠵᠢᠯᠡᠨ ︽ᠠᠵᠢᠯ ᠤᠨ ᠰᠤᠷᠳᠠᠯ ᠢᠶᠠᠨ ᠬᠤᠪᠢᠷᠠᠭᠤᠯᠤᠨ᠂ ᠤᠷᠴᠢᠨ ᠲᠣᠭᠤᠷᠢᠨ ᠢ ᠰᠢᠯᠢᠳᠡᠭᠵᠢᠬᠦᠯᠵᠦ᠂ ᠵᠣᠷᠢᠭᠲᠠᠢ ᠡᠭᠦᠷᠭᠡᠯᠡᠨ︾ ᠪᠠᠶᠢᠳᠠᠯ ᠢ ᠦᠵᠡᠵᠦ ᠪᠠᠶᠢᠭᠠᠳ ᠠᠵᠦ ᠠᠬᠤᠶᠢᠯᠠᠯ ᠢ ᠲᠡᠮᠵᠢᠨ ᠲᠤᠰᠠᠯᠠᠬᠤ ᠲᠦᠷᠦ ᠶᠢᠨ ᠪᠣᠳᠣᠯᠭ᠎ᠠ ᠶᠢ ᠲᠤᠭᠳᠠᠭᠠᠨ᠂ ᠬᠦᠬᠡᠬᠤᠳᠠ ᠶᠢᠨ ᠲᠤᠮᠳᠠ ᠪᠠᠭ᠎ᠠ ᠠᠵᠤ ᠠᠬᠤᠶᠢᠯᠠᠯ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号