ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/9/22
ᠸᠠᠩ ᠯᠢ ᠰᠢᠶᠠ ᠡᠷᠬᠢᠯᠡᠵᠦ ᠵᠠᠩ ᠪᠠᠢ ᠴᠧᠩ  ᠰᠦᠨ ᠵᠢᠶᠠᠨ ᠬᠤᠸᠠ  ᠯᠥᠸᠧ ᠴᠢᠩ  ᠾᠧ ᠬᠠᠢ ᠳ᠋ᠦᠩ ᠣᠷᠣᠯᠴᠠᠪᠠ       ︵ᠰᠤᠷᠪᠤᠯᠵᠢᠯᠠᠭᠴᠢ ᠹᠧᠩ ᠶᠠᠨ ᠫᠢᠩ︶ 9 ᠳ᠋ᠦ᠋ᠭᠡᠷ ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠪᠠ ᠰᠢᠨᠵᠢᠯᠡᠬᠦ ᠤᠬᠠᠭᠠᠨᠳᠠᠳ ᠤᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠳᠤᠷᠠᠳᠤᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠶᠢᠯᠠᠭᠠᠵᠤ᠂ ᠰᠢᠢᠳᠪᠦᠷᠢᠲᠦ ᠳᠠᠶᠢᠨ ᠬᠢᠵᠦ ᠰᠢᠢᠳᠪᠦᠷᠢᠲᠦ ᠢᠯᠠᠯᠲᠠ ᠣᠯᠬᠤ ᠡᠭᠦᠷᠭᠡ ᠬᠠᠷᠠᠯᠲᠠ ᠳᠤ ᠠᠩᠬᠠᠷᠤᠯ ᠢᠶᠠᠨ ᠴᠢᠩᠭ᠎ᠠ ᠬᠠᠨᠳᠤᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ︔ ︽ᠬᠤᠶᠠᠷ ᠠᠭᠤᠯᠠ︾ ᠶᠢᠨ ᠣᠶᠢᠯᠠᠭᠠᠭᠳᠠᠬᠤᠨ ᠤ ᠬᠠᠮᠠᠭᠠᠯᠠᠭᠴᠢ ᠪᠣᠯᠵᠣ᠂ ᠠᠮᠢ ᠠᠬᠤᠶ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠬᠡᠷᠡᠭᠲᠡᠶ︔ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠡᠯ᠎ᠡ ᠵᠦᠢᠯ ᠤᠨ ︽ᠪᠠᠴᠢᠮᠳᠠᠵᠤ ᠬᠦᠴᠢᠷᠳᠡᠵᠦ ᠵᠣᠪᠠᠵᠤ ᠬᠦᠰᠡᠭᠰᠡᠨ︾ ᠠᠰᠠᠭᠤᠳᠠᠯ ᠢ ᠰᠠᠶᠢᠲᠤᠷ ᠬᠦᠴᠦᠯᠡᠨ ᠰᠢᠢᠳᠪᠦᠷᠢᠯᠡᠬᠦ ᠬᠡᠷᠡᠭᠲᠡᠢ︔ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ︔ ᠬᠤᠪᠢᠰᠬᠠᠯᠲᠤ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠵᠤ᠂ ᠰᠤᠷᠲᠠᠯ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠡᠷᠡᠭᠲᠡᠶ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ  ᠤᠬᠠᠭᠠᠨᠳᠠᠳ ᠤᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠨᠣᠪᠴᠢᠲᠠᠢ ᠡᠵᠡᠮᠰᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠳᠡᠭᠡᠷ᠎ᠡ ᠡᠷᠡᠰ ᠨᠢᠭᠡᠳᠬᠡᠵᠦ᠂ ᠤᠯᠤᠰ ᠤᠨ ᠱᠠᠭᠠᠷᠳᠠᠯᠭ᠎ᠠ᠂ ᠵᠠᠬ᠎ᠠ ᠳᠡᠯᠭᠡᠭᠦᠷ ᠤᠨ ᠱᠠᠭᠠᠷᠳᠠᠯᠭ᠎ᠠ᠂ ᠠᠷᠠᠳ ᠤᠨ ᠠᠮᠢᠳᠤᠷᠠᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠰᠢᠰᠲ᠋ᠧᠮ ᠲᠠᠢ ᠲᠥᠯᠥᠪᠯᠡᠨ ᠣᠨᠣᠪᠴᠢᠲᠠᠢ ᠬᠦᠴᠦᠯᠡᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠡᠭᠡᠷ᠎ᠡ ᠰᠢᠨ᠎ᠡ ᠰᠢᠪᠲᠤᠯᠤᠯᠲᠠ ᠭᠠᠷᠭᠠᠵᠤ᠂ ᠰᠢᠨ᠎ᠡ ᠠᠮᠵᠢᠯᠲᠠ ᠣᠯᠬᠤ ᠬᠡᠷᠡᠭᠲᠡᠢ᠃ ᠤᠳᠤᠷᠢᠳᠤᠯᠭ᠎ᠠ ᠶᠢ ᠴᠢᠩᠭᠠᠳᠬᠠᠨ ᠣᠨᠣᠪᠴᠢᠲᠠᠢ ᠦᠢᠯᠡᠴᠢᠯᠡᠵᠦ᠂ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠡᠷᠬᠢᠮᠯᠡᠭᠰᠡᠨ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠴᠢᠩᠭᠠᠳᠬᠠᠵᠤ᠂ ᠠᠤᠭ᠎ᠠ ᠬᠦᠴᠦᠨ ᠢ ᠪᠦᠷᠢᠯᠳᠦᠭᠦᠯᠦᠨ᠂ ᠥᠷᠭᠡᠨ ᠣᠯᠠᠨ ᠠᠷᠠᠳ ᠠᠴᠠ ᠡᠵᠡᠩᠨᠡᠭᠰᠡᠨ ᠠᠵᠤ ᠠᠬᠤᠢ ᠶᠢ ᠡᠷᠬᠢᠯᠡᠭᠰᠡᠨ ᠬᠥᠮᠥᠰ ᠤᠨ ᠳᠤᠮᠳᠠ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠠᠷᠠᠳ ᠠᠴᠠ ᠡᠵᠡᠩᠨᠡᠭᠰᠡᠨ ᠠᠵᠤ ᠠᠬᠤᠢ ᠶᠢ ᠡᠷᠬᠢᠯᠡᠭᠰᠡᠨ ᠬᠥᠮᠥᠰ ᠤᠨ ᠨᠠᠮ ᠤᠨ ᠦᠭᠡ ᠶᠢ ᠰᠣᠨᠣᠰᠤᠨ ᠨᠠᠮ ᠢᠶᠠᠨ ᠳᠠᠭᠠᠬᠤ ᠶᠢ  ᠪᠦᠯᠬᠦᠮᠳᠡᠭᠦᠯᠦᠨ ᠳᠠᠭᠠᠭᠤᠯᠬᠤ ᠬᠡᠷᠡᠭᠲᠡᠢ᠃ ᠤᠳᠤᠷᠢᠳᠬᠤ ᠺᠠᠳ᠋ᠷ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢᠶᠠᠷ ᠶᠠᠪᠤᠨ ᠰᠤᠷᠪᠤᠯᠵᠢᠯᠠᠬᠤ ᠲᠣᠭᠲᠠᠴᠠ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠠᠵᠤ ᠠᠬᠤᠶᠢᠯᠠᠯ ᠢ ᠦᠨᠡᠨ ᠰᠠᠨᠠᠭᠠᠨ ᠠᠴᠠ ᠪᠠᠨ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠢ ᠦᠨᠡᠨ ᠰᠡᠳᠬᠢᠯ ᠠᠴᠠ ᠪᠠᠨ ᠬᠠᠯᠠᠮᠵᠢᠯᠠᠵᠤ᠂ ︽ᠳᠣᠲᠣᠨᠣ︾ ︽ᠴᠢᠬᠡᠴᠢ︾ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠦᠨᠡᠨᠬᠦ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠪᠡ᠃      ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ ︿ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠣᠯ ᠰᠡᠳᠦᠪᠲᠦ ᠬᠥᠮᠥᠵᠢᠯ ᠤᠨ ᠦᠷ᠎ᠡ ᠪᠦᠲᠦᠮᠵᠢ ᠶᠢ ᠪᠠᠲᠤᠵᠢᠭᠤᠯᠤᠨ ᠭᠦᠨᠵᠡᠭᠡᠶᠢᠷᠡᠭᠦᠯᠬᠦ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠵᠤ᠂ ᠪᠤᠰᠤᠳ ᠤᠴᠢᠷ ᠶᠠᠪᠤᠳᠠᠯ ᠢ ᠰᠣᠨᠣᠰᠴᠤ᠂ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠰᠦᠨ ᠵᠢᠶᠠᠨ ᠬᠤᠸᠠ᠂ ᠯᠥᠸᠧ ᠴᠢᠩ᠂ ᠾᠧ ᠬᠠᠢ ᠳ᠋ᠦᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠬᠤ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号