ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ
ᠨᠡᠶᠢᠲᠡᠯᠡᠭᠰᠡᠨ ᠴᠠᠭ᠄
2020/9/22
     9 ᠳ᠋ᠦ᠋ᠭᠡᠷ ᠰᠠᠷ᠎ᠠ ᠶᠢᠨ 21 ᠤ ᠡᠳᠦᠷ᠂ ᠶᠡᠭᠡ ᠰᠤᠷᠭᠠᠭᠤᠯᠢ ᠵᠠᠮ ᠤᠨ ᠪᠠᠭ᠎ᠠ ᠰᠤᠷᠭᠠᠭᠤᠯᠢ ︽ᠨᠢᠭᠡ ᠲᠤᠭ ᠢᠶᠠᠨ ᠮᠠᠨᠳᠤᠭᠤᠯᠤᠨ᠂ ᠨᠢᠭᠡ ᠤᠯᠤᠰ ᠢᠶᠠᠨ ᠬᠠᠶᠢᠷᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ︾ ᠰᠡᠳᠦᠪᠲᠦ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ᠃ ᠲᠤᠰ ᠤᠳᠠᠭᠠᠨ ᠤ ᠭᠤᠣᠯ ᠰᠡᠳᠦᠪᠲᠦ ᠲᠤᠭ ᠮᠠᠨᠳᠤᠭᠤᠯᠬᠤ ᠶᠣᠰᠣᠯᠠᠯ ᠢ ᠶᠠᠪᠤᠭᠤᠯᠤᠭᠰᠠᠨ ᠨᠢ ᠰᠤᠷᠤᠭᠴᠢᠳ ᠢ ᠬᠦᠳᠦᠯᠦᠨ ᠦᠨᠳᠦᠰᠦᠲᠡᠨ ᠤ ᠣᠮᠣᠭᠰᠢᠯ ᠢ   ᠨᠢ ᠤᠯᠠᠮ ᠨᠢᠭᠡ ᠠᠯᠬᠤᠮ ᠨᠡᠮᠡᠭᠳᠡᠭᠦᠯᠵᠦ᠂ ᠣᠯᠠᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠢᠳᠡᠪᠬᠢᠵᠢᠭᠦᠯᠵᠦ ᠤᠯᠤᠰ ᠲᠠᠭᠠᠨ ᠵᠢᠳᠬᠦᠬᠦ ᠵᠣᠷᠢᠭ ᠢ ᠨᠢ ᠬᠥᠪᠴᠢᠯᠡᠬᠦ ᠶᠢ ᠵᠣᠷᠢᠵᠠᠢ᠃     ᠵᠢᠷᠤᠭ ᠪᠣᠯ ᠶᠣᠰᠣᠯᠠᠯ ᠤᠨ ᠲᠠᠯᠠᠪᠠᠢ ᠳᠤ ᠬᠡᠦᠬᠡᠳ ᠤᠳ ︽ᠮᠢᠨᠤ ᠬᠠᠶᠢᠷᠠᠲᠠᠢ ᠡᠬᠡ ᠤᠯᠤᠰ︾ ᠤᠨ ᠤᠶᠠᠩᠭᠠᠯᠢᠭ ᠠᠶᠠᠯᠭᠤᠨ ᠳᠤ ᠬᠦᠭᠡᠷᠦᠯᠳᠦᠨ ᠪᠠᠶᠠᠷᠯᠠᠵᠤ ᠪᠠᠶᠢᠭ᠎ᠠ ᠨᠢ᠃ ᠰᠤᠷᠪᠤᠯᠵᠢᠯᠠᠭᠴᠢ ᠮᠢᠶᠥᠥ ᠴᠢᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号