ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠱᠠ ᠱᠠ︶ ᠲᠦᠮᠡᠳ ᠵᠡᠭᠦᠨ | ᠬᠤᠰᠢᠭᠤᠨ ᠤ ᠤᠯᠠᠭᠠᠨᠮᠥ᠋ᠴᠢᠷ ᠣᠶᠢᠷ᠎ᠠ ᠶᠢᠨ ᠵᠢᠯ ᠤᠳ ᠲᠤ ᠡᠭᠦᠷᠭᠡ ᠬᠠᠷᠢᠭᠤᠴᠠᠯᠭ᠎ᠠ ᠮᠦᠷᠦᠯᠡᠵᠦ᠂ ᠠᠷᠠᠳ | ᠣᠯᠠᠨ ᠤ ᠳᠤᠮᠳᠠ ᠠᠴᠠ ᠤᠳᠬ᠎ᠠ ᠤᠷᠠᠯᠢᠭ ᠤᠨ ᠰᠢᠮ᠎ᠡ ᠲᠡᠵᠢᠭᠡᠯ ᠬᠦᠷᠲᠡᠵᠦ᠂ ᠪᠠᠰᠠ ᠮᠣᠩᠭᠤᠯ ᠦᠨᠳᠦᠰᠦᠲᠡᠨ ᠤ | ᠤᠨᠴᠠᠯᠢᠭᠳᠤ ᠤᠳᠬ᠎ᠠ ᠤᠷᠠᠯᠢᠭ ᠤᠨ ᠫᠷᠤᠭ᠍ᠷᠠᠮ ᠢᠶᠠᠷ ᠠᠷᠠᠳ ᠤᠯᠠᠨ ᠳᠤ ᠠᠴᠢ ᠬᠠᠷᠢᠭᠤᠯᠵᠦ᠂ ᠲᠦᠮᠡᠳ ᠵᠡᠭᠦᠨ | ᠬᠤᠰᠢᠭᠤᠨ ᠤ ᠨᠤᠲᠤᠭ ᠲᠤ ᠡᠯ᠎ᠡ ᠦᠨᠳᠦᠰᠦᠲᠡᠨ ᠡᠶ᠎ᠡ ᠨᠠᠶᠢᠷᠲᠠᠢ ᠪᠠᠷ ᠬᠠᠮᠲᠤ ᠣᠷᠣᠰᠢᠬᠤ ᠬᠦᠭ ᠠᠶᠠᠰ ᠢ | ᠴᠤᠤᠷᠢᠶᠠᠳᠤᠭᠤᠯᠵᠦ ᠪᠠᠶᠢᠨ᠎ᠠ ᠃ | ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ︽ᠮᠣᠩᠭᠤᠯ ᠦᠨᠳᠦᠰᠦᠲᠡᠨ ᠤ ᠳᠠᠭᠤᠤ ᠪᠥᠵᠢᠭ ᠤᠨ | ᠤᠨᠴᠠᠯᠢᠭ ᠪᠦᠬᠦᠢ ᠤᠷᠠᠯᠢᠭ ᠤᠨ ᠪᠦᠯᠬᠦᠮ︾ ᠤᠨ ᠵᠠᠮ ᠢᠶᠠᠷ ᠶᠠᠪᠤᠵᠤ᠂ ᠮᠣᠩᠭᠤᠯ ᠦᠨᠳᠦᠰᠦᠲᠡᠨ ᠤ ᠪᠥᠵᠢᠭ᠂ | ᠬᠦᠮᠡᠢ᠂ ᠤᠷᠲᠤ ᠶᠢᠨ ᠳᠠᠭᠤᠤ᠂ ᠮᠣᠷᠢᠨ ᠬᠤᠭᠤᠷ ᠵᠡᠷᠭᠡ ᠮᠣᠩᠭᠤᠯ ᠤᠨᠴᠠᠯᠢᠭ ᠲᠠᠢ ᠤᠷᠠᠨ ᠰᠠᠶᠢᠬᠠᠨ ᠤ | ᠲᠣᠭᠯᠠᠯᠲᠠ ᠭᠠᠷᠭᠠᠳᠠᠭ ᠪᠠᠶᠢᠨ᠎ᠠ᠃ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠳᠤ | ᠦᠢᠯᠡᠴᠢᠯᠡᠬᠦ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠤᠭᠰᠠᠨ ᠤ ᠬᠤᠪᠢ ᠳᠤ᠂ ᠲᠦᠮᠡᠳ ᠵᠡᠭᠦᠨ | ᠬᠤᠰᠢᠭᠤᠨ ᠤ ᠤᠯᠠᠭᠠᠨᠮᠥ᠋ᠴᠢᠷ ᠨᠢ ᠵᠢᠯ ᠲᠤᠷᠰᠢ ᠬᠥᠳᠡᠭᠡ ᠲᠣᠰᠬᠤᠨ᠂ ᠰᠤᠷᠭᠠᠭᠤᠯᠢ᠂ ᠨᠡᠶᠢᠭᠡᠮ ᠲᠣᠭᠤᠷᠢᠭ ᠵᠡᠷᠭᠡ | ᠲᠠᠯᠠᠪᠤᠷ ᠲᠤ ᠲᠤᠭᠯᠠᠯᠲᠠ ᠭᠠᠷᠭᠠᠳᠠᠭ ᠪᠠᠶᠢᠨ᠎ᠠ ᠃ | ᠴᠥᠭᠡᠨ ᠲᠣᠭᠠᠲᠤ ᠦᠨᠳᠦᠰᠦᠲᠡᠨ ᠤ ᠳᠠᠭᠤᠤ ᠶᠢ ᠨᠠᠩ ᠰᠠᠶᠢᠨ ᠨᠠᠩ ᠣᠯᠠᠨ ᠤᠯᠠᠮᠵᠢᠯᠠᠨ ᠵᠠᠯᠭᠠᠮᠵᠢᠯᠠᠬᠤ ᠶᠢᠨ | ᠲᠤᠯᠠᠲᠠ᠂ ᠲᠡᠳᠡ ᠲᠣᠭᠯᠠᠯᠲᠠ ᠭᠠᠷᠭᠠᠬᠤ ᠦᠶ᠎ᠡ ᠳᠡᠭᠡᠨ ᠪᠠᠰᠠ ᠲᠤᠬᠠᠶ ᠶᠢᠨ ᠭᠠᠵᠠᠷ ᠤᠨ ᠨᠠᠰᠤᠲᠠᠳ ᠤᠨ ᠳᠤᠮᠳᠠ | ᠣᠴᠢᠵᠤ᠂ ᠤᠷᠢᠳᠤ ᠶᠢᠨ ᠳᠠᠭᠤᠤ ᠶᠢ ᠰᠤᠷᠤᠯᠴᠠᠵᠦ᠂ ᠡᠳᠡᠭᠡᠷ ᠳᠠᠭᠤᠤ ᠶᠢ ᠤᠯᠠᠭᠠᠨᠮᠥ᠋ᠴᠢᠷ ᠤᠨ ᠲᠣᠭᠯᠠᠯᠲᠠ ᠳᠠᠭᠠᠨ | ᠬᠡᠷᠡᠭᠯᠡᠳᠡᠭ ᠪᠠᠶᠢᠯ᠎ᠠ᠃ | ᠠᠷᠠᠳ ᠣᠯᠠᠨ ᠤ ᠳᠤᠮᠳᠠ ᠰᠤᠷᠪᠤᠯᠵᠢᠯᠠᠬᠤ ᠠᠴᠠ ᠭᠠᠳᠠᠨ᠎ᠠ᠂ ᠲᠦᠮᠡᠳ ᠵᠡᠭᠦᠨ ᠬᠤᠰᠢᠭᠤᠨ ᠤ | ᠤᠯᠠᠭᠠᠨᠮᠥ᠋ᠴᠢᠷ ︽ᠤᠬᠠᠭᠤᠯᠭ᠎ᠠ︾ ︽ᠦᠢᠯᠡᠴᠢᠯᠡᠭᠡ︾ ᠶᠢᠨ ᠡᠭᠦᠷᠭᠡ ᠴᠢᠳᠠᠪᠬᠢ ᠶᠢ ᠮᠦᠷᠦᠯᠡᠵᠦ᠂ ᠣᠯᠠᠨ | ᠲᠦᠮᠡᠨ ᠳᠤ ᠦᠢᠯᠡᠴᠢᠯᠡᠬᠦ ᠪᠠ ᠣᠯᠠᠨ ᠲᠦᠮᠡᠨ ᠢ ᠬᠥᠲᠥᠯᠥᠨ ᠳᠠᠭᠠᠭᠤᠯᠬᠤ ᠶᠢ ᠤᠶᠠᠯᠳᠤᠭᠤᠯᠵᠤ᠂ ᠤᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠷᠠᠯᠢᠭ ᠤᠨ ᠬᠡᠯᠪᠡᠷᠢ ᠪᠠᠷ ᠦᠨᠳᠦᠰᠦᠲᠡᠨ ᠨᠦᠭᠦᠳ ᠤᠨ ᠠᠷᠠᠳ | ᠲᠦᠮᠡᠨ ᠤ ᠪᠦᠯᠬᠦᠮᠳᠡᠯ ᠢ ᠨᠢᠭᠲᠠᠷᠠᠭᠤᠯᠳᠠᠭ ᠃ | ︽ᠣᠳᠣ ᠪᠢᠳᠡᠨ ᠳᠤ 38ᠲᠤᠭᠯᠠᠭᠴᠢ ᠲᠠᠢ᠂ ᠵᠢᠯ ᠪᠦᠷᠢ 160 ᠭᠠᠷᠤᠶ ᠲᠠᠯᠠᠪᠠᠶ ᠲᠣᠭᠯᠠᠯᠲᠠ ᠭᠠᠷᠭᠠᠵᠤ᠂ | ᠪᠠᠷᠤᠭ ᠬᠤᠶᠠᠷ ᠡᠳᠦᠷ ᠪᠦᠷᠢ ᠨᠢᠭᠡ ᠤᠳᠠᠭ᠎ᠠ ᠲᠤᠭᠯᠠᠨ᠎ᠠ᠃ ᠮᠠᠨ ᠤ ᠤᠤᠯ ᠤᠨ ᠥᠪᠡᠷᠮᠢᠴᠡ ᠣᠨᠴᠠᠯᠢᠭ ᠲᠠᠢ | ᠫᠷᠤᠭ᠍ᠷᠠᠮ ᠠᠴᠠ ᠭᠠᠳᠠᠨ᠎ᠠ ᠪᠠᠰᠠ ᠮᠠᠨ ᠤ ᠲᠤᠬᠠᠢ ᠶᠢᠨ ᠭᠠᠵᠠᠷ ᠤᠨ ᠰᠤᠶᠤᠯ ᠲᠠᠢ ᠤᠶᠠᠯᠳᠤᠭᠤᠯᠬᠤ ᠪᠣᠯᠤᠨ᠎ᠠ᠃ | ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠲᠠᠯ᠎ᠠ ᠪᠠᠷ᠂ ᠪᠢᠳᠠ ᠮᠠᠰᠢ ᠤᠯᠠᠨ ᠭᠡᠭᠡᠭᠳᠡᠭᠰᠡᠨ ᠤᠷᠳ | ᠨᠤᠲᠤᠭ ᠤᠨ ᠳᠠᠭᠤᠤ᠂ ᠠᠷᠠᠳ ᠤᠨ ᠳᠠᠭᠤᠤ ᠶᠢ ᠠᠭᠤᠳᠠᠯᠯᠠᠨ ᠴᠤᠭᠯᠠᠭᠤᠯᠪᠠ᠃ ᠡᠨᠡ ᠬᠡᠳᠦᠨ ᠵᠢᠯ ᠪᠢᠳᠠ ᠮᠠᠰᠢ | ᠠᠷᠪᠢᠨ ᠠᠮᠵᠢᠯᠲᠠ ᠣᠯᠤᠭᠰᠠᠨ ᠶᠤᠮ᠃︾ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠳᠠᠷᠤᠭ᠎ᠠ | ᠰᠤᠳᠤᠪᠠᠳᠤ ᠰᠤᠷᠪᠤᠯᠵᠢᠯᠠᠭᠴᠢ ᠳᠤ ᠬᠡᠯᠡᠬᠦ ᠳᠡᠭᠡᠨ᠂ 2019 ᠣᠨ ᠳᠤ ᠪᠥᠬᠦ ᠣᠷᠣᠨ ᠤ ᠤᠯᠠᠭᠠᠨᠮᠥ᠋ᠴᠢᠷ ᠤᠨ | ᠤᠷᠠᠯᠢᠭ ᠤᠨ ᠨᠠᠶᠢᠷ ᠲᠤ ᠣᠷᠣᠯᠴᠠᠬᠤ ᠦᠶ᠎ᠡ ᠳᠤ᠂ ᠲᠠᠳᠠ ᠪᠦᠯᠬᠦᠮ ᠤᠨ ᠮᠥᠩᠭᠦᠨ ᠮᠧᠲᠠᠯ ᠤᠨ ᠰᠠᠶᠢᠨ ᠬᠢᠷᠢ | ᠪᠦᠲᠦᠮᠵᠢ ᠣᠯᠤᠭᠰᠠᠨ ᠢᠶᠠᠷ ᠪᠠᠷᠠᠬᠤ ᠥᠬᠡᠶ᠂ ᠪᠠᠰᠠ 9 ᠳᠠᠩ ᠲᠦᠷᠦᠯ ᠤᠨ ᠱᠠᠩᠨᠠᠯ ᠣᠯᠵᠠᠶ᠃ ᠣᠯᠠᠨ ᠲᠦᠮᠡᠨ | ᠤ ᠨᠠᠩ ᠰᠠᠶᠢᠨ ᠰᠠᠶᠢᠬᠠᠨ ᠰᠣᠶᠣᠯ ᠤᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠳᠤ ᠵᠤᠬᠢᠴᠠᠭᠤᠯᠬᠤ ᠶᠢᠨ | ᠲᠥᠯᠥᠭᠡ᠂ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠦᠨᠳᠦᠰᠦᠲᠡᠨ ᠤ ᠠᠷᠠᠳ ᠤᠨ ᠰᠣᠶᠣᠯ ᠤᠨ ᠰᠢᠮ᠎ᠡ | ᠲᠡᠵᠢᠭᠡᠯ ᠢ ᠥᠷᠭᠡᠨ ᠢᠶᠠᠷ ᠰᠢᠩᠭᠡᠭᠡᠨ ᠠᠪᠴᠤ᠂ ᠲᠦᠮᠡᠳ ᠵᠡᠭᠦᠨ ᠬᠤᠰᠢᠭᠤᠨ ᠤ ᠲᠡᠤᠬᠡ ᠰᠣᠶᠣᠯ᠂ | ᠬᠤᠪᠢᠰᠬᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠪᠠᠷ ᠭᠤᠤᠯᠯᠠᠭᠤᠯᠵᠦ᠂ ᠮᠣᠩᠭᠤᠯ ᠦᠨᠳᠦᠰᠦᠲᠡᠨ ᠤ ᠳᠠᠭᠤᠤ | ᠪᠥᠵᠢᠭ ᠤᠨ ᠤᠷᠠᠯᠢᠭ ᠤᠨ ᠬᠡᠯᠪᠡᠷᠢ ᠶᠢ ᠠᠭᠤᠰᠤᠯᠴᠠᠭᠤᠯᠵᠤ᠂ ᠲᠦᠮᠡᠳ ᠤᠨ ᠢᠯᠡ ᠲᠣᠳᠣ ᠣᠨᠴᠠᠯᠢᠭ ᠲᠠᠢ᠂ | ᠦᠨᠳᠦᠰᠦᠨ ᠱᠠᠲᠤᠨ ᠳᠤ ᠲᠣᠬᠢᠷᠠᠬᠤ ᠤᠷᠠᠨ ᠰᠠᠶᠢᠬᠠᠨ ᠤ ᠵᠦᠴᠦᠭᠡ ︵ ᠲᠤᠭᠯᠠᠯᠲᠠ︶ ᠶᠢ ᠵᠤᠬᠢᠶᠠᠨ ᠪᠦᠳᠦᠭᠡᠨ᠎ᠡ | ᠭᠡᠯᠡ᠃ | http://mongol.people.com.cn/15824737.html |