ᠥᠪᠥᠷ ᠮᠣᠩᠭᠤᠯ ᠤᠨ ᠳᠥᠷᠪᠡᠨ ᠬᠤᠲᠠ ᠶᠢᠨ ᠵᠠᠰᠠᠭ ᠤᠨ ᠶᠠᠪᠤᠳᠠᠯ ᠤᠨ ᠣᠶᠢᠯᠡᠴᠢᠯᠡᠭᠡ ︽ᠬᠠᠷᠢᠯᠴᠠᠨ  ᠬᠦᠢᠴᠡᠳᠬᠡᠵᠤ ᠬᠠᠷᠢᠯᠴᠠᠨ ᠮᠡᠳᠡᠷᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/9/22
    ᠰᠢᠨᠬᠤᠸᠠ ᠰᠦᠯᠵᠢᠶᠡᠨ ᠤ ᠬᠥᠬᠡᠬᠤᠲᠠ ᠶᠢᠨ 9 ᠰᠠᠷ᠎ᠠ ᠶᠢᠨ 20 ᠤ ᠡᠳᠦᠷ ᠤᠨ ᠮᠡᠳᠡᠭᠡ ︵ᠬᠤᠤ ᠹᠠᠩ ᠹᠠᠩ ︶ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠬᠤᠲᠠ ᠶᠢᠨ ᠵᠠᠰᠠᠭ ᠤᠨ ᠶᠠᠪᠤᠳᠠᠯ ᠤᠨ  ᠣᠶᠢᠯᠡᠴᠢᠯᠡᠭᠡᠨ ᠤ  ︽ᠬᠠᠷᠢᠯᠴᠠᠨ ᠬᠦᠢᠴᠡᠳᠬᠡᠵᠤ ᠬᠠᠷᠢᠯᠴᠠᠨ ᠮᠡᠳᠡᠷᠡᠬᠦ︾ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ᠃ ᠲᠦᠷᠦᠭᠦᠤ ᠪᠦᠯᠦᠭ ᠤᠨ ︽ᠬᠠᠷᠢᠯᠴᠠᠨ  ᠭᠦᠢᠴᠡᠳᠭᠡᠵᠦ‌ᠬᠠᠷᠢᠯᠴᠠᠨ ᠮᠡᠳᠡᠷᠡᠬᠦ︾   ᠳᠤ ᠨᠡᠶᠢᠲᠡ 16 ᠲᠦᠷᠦᠯ ᠵᠣᠶᠢᠯ ᠪᠠᠶᠢᠨ᠎ᠠ  ᠃    ᠳᠡᠭᠡᠷ᠎ᠡ ᠳᠤᠷᠠᠳᠤᠭᠰᠠᠨ ᠳᠦᠷᠪᠡᠨ ᠬᠤᠳᠠ ᠶᠢᠨ ᠠᠵᠤ ᠠᠬᠤᠶᠢᠯᠠᠯ  ᠪᠠ ᠤᠯᠠᠨ ᠲᠦᠮᠡᠨ ᠭᠤᠶᠤᠴᠢᠯᠠᠬᠤ ᠮᠠᠲ᠋ᠧᠷᠢᠶᠠᠯ ᠢᠶᠠᠨ ᠠᠪᠴᠤ ᠲᠤᠬᠠᠶ ᠶᠢᠨ ᠭᠠᠵᠠᠷ ᠤᠨ ᠵᠠᠰᠠᠭ ᠤᠨ ᠶᠠᠪᠤᠳᠠᠯ ᠤᠨ ᠣᠶᠢᠯᠡᠴᠢᠯᠡᠭᠡᠨ ᠤ ᠲᠢᠩᠭᠢᠮ ᠳᠤ ᠬᠦᠷᠴᠦ ᠬᠠᠷᠢᠯᠴᠠᠨ ᠬᠦᠢᠴᠡᠳᠬᠡᠵᠤ ᠬᠠᠷᠢᠯᠴᠠᠨ ᠮᠡᠳᠡᠷᠡᠬᠦ ᠴᠣᠩᠬᠤᠪᠴᠢ ᠳᠤ ᠪᠤᠰᠤᠳ ᠭᠤᠷᠪᠠᠨ ᠬᠤᠲᠠ ᠶᠢᠨ ᠬᠠᠮᠢᠶ᠎ᠠ ᠪᠦᠬᠦᠢ ᠶᠠᠪᠤᠳᠠᠯ ᠢ ᠬᠦᠢᠴᠡᠳᠬᠡᠵᠤ ᠪᠣᠯᠤᠨ᠎ᠠ᠃ ᠣᠳᠣᠬᠠᠨ ᠳᠤ ᠬᠦᠢᠴᠡᠳᠬᠡᠵᠤ ᠪᠣᠯᠬᠤ ᠵᠣᠶᠢᠯᠡᠰ ᠲᠤ ᠡᠮ ᠤᠨ ᠵᠣᠶᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠪᠠᠶᠢᠭᠤᠯᠬᠤ ᠵᠥᠪᠰᠢᠶᠡᠷᠡᠯ᠂ ᠡᠮ ᠤᠨ ᠵᠣᠶᠢᠯ ᠤᠨ ᠵᠢᠵᠢᠭᠯᠡᠨ ᠬᠤᠳᠠᠯᠳᠤᠬᠤ  ᠠᠵᠤ ᠠᠬᠤᠶᠢᠯᠠᠯ ᠤᠨ ᠵᠥᠪᠰᠢᠶᠡᠷᠡᠯ ᠢ ᠬᠤᠪᠢᠷᠠᠭᠤᠯᠬᠤ᠂ ᠡᠮ ᠤᠨ ᠵᠣᠶᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠦᠷᠭᠦᠯᠵᠢᠯᠡᠭᠦᠯᠬᠦ ᠵᠥᠪᠰᠢᠶᠡᠷᠡᠯ᠂ ᠡᠮ ᠤᠨ ᠵᠣᠶᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠬᠦᠴᠦᠨ ᠥᠬᠡᠶ ᠪᠣᠯᠭᠠᠬᠤ ᠵᠥᠪᠰᠢᠶᠡᠷᠡᠯ᠂ ᠡᠮ ᠤᠨ ᠵᠣᠶᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠨᠥᠬᠦᠨ ᠬᠦᠢᠴᠡᠳᠬᠡᠬᠦ ᠵᠥᠪᠰᠢᠶᠡᠷᠡᠯ᠂ ᠡᠬᠡ ᠨᠢᠯᠬᠠᠰ ᠤᠨ ᠡᠷᠡᠭᠦᠯᠵᠢᠯ ᠤᠨ ᠮᠡᠷᠭᠡᠵᠢᠯ ᠤᠨ ᠣᠶᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠭᠢᠯᠡᠬᠦ ᠵᠥᠪᠰᠢᠶᠡᠷᠡᠯ᠂ ᠪᠡᠶ᠎ᠡ ᠶᠢᠨ ᠦᠨᠡᠮᠯᠡᠯ ᠬᠦᠢᠴᠡᠳᠬᠡᠬᠦ᠂ ᠠᠷᠠᠳ ᠢᠷᠭᠡᠳ ᠬᠤᠪᠢ ᠶᠢᠨ ᠶᠠᠪᠤᠳᠠᠯ ᠢᠶᠠᠷ ᠭᠠᠳᠠᠭᠠᠳᠤ ᠳᠤ ᠭᠠᠷᠬᠤ ︵ᠬᠢᠯᠢ︶ ᠦᠨᠡᠮᠯᠡᠯ ᠬᠦᠢᠴᠡᠳᠬᠡᠬᠦ᠂ ᠠᠵᠤ ᠠᠬᠤᠶᠢᠯᠠᠯ ᠤᠨ ᠪᠠᠯᠠ ᠣᠷᠣᠭᠤᠯᠤᠭᠰᠠᠨ ᠲᠥᠷᠥᠯ ᠵᠣᠶᠢᠯ ᠢ ᠬᠢᠨᠠᠨ ᠵᠥᠪᠰᠢᠶᠡᠷᠡᠬᠦ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠭᠠᠳᠠᠭᠰᠢᠯᠠᠭᠤᠯᠬᠤ ᠶᠢ ᠰᠢᠢᠳᠪᠣᠷᠢᠯᠡᠬᠦ ᠶᠢ ᠬᠢᠨᠠᠨ ᠵᠥᠪᠰᠢᠶᠡᠷᠡᠬᠦ᠂ ᠡᠷᠲᠡᠨ ᠤ ᠮᠣᠳᠣ ᠨᠠᠷᠠᠲᠠᠶ ᠮᠣᠳᠣ ᠶᠢ ᠨᠡᠭᠦᠯᠭᠡᠬᠦ ᠶᠢ ᠬᠢᠨᠠᠨ ᠵᠥᠪᠰᠢᠶᠡᠷᠡᠬᠦ᠂  ᠬᠤᠲᠠ ᠶᠢᠨ ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠬᠤᠲᠠ ᠶᠢᠨ ᠮᠣᠳᠣ ᠶᠢ ᠣᠭᠲᠣᠯᠬᠤ ᠶᠢ ᠬᠢᠨᠠᠨ ᠵᠥᠪᠰᠢᠶᠡᠷᠡᠵᠦ ᠨᠣᠭᠤᠭᠠᠷᠠᠭᠤᠯᠬᠤ ᠲᠥᠯᠥᠪᠵᠢᠭᠦᠯᠭᠡ ᠶᠢ ᠬᠤᠪᠢᠷᠠᠭᠤᠯᠬᠤ᠂ ᠨᠣᠭᠤᠭᠠᠷᠠᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠰᠢᠨᠵᠢ  ᠴᠢᠨᠠᠷ ᠤᠨ ᠬᠢᠨᠠᠨ ᠵᠥᠪᠰᠢᠶᠡᠷᠡᠯ᠂ ᠤᠰᠤ ᠠᠪᠬᠤ ᠵᠥᠪᠰᠢᠶᠡᠷᠡᠯ᠂ ᠣᠶᠢᠯᠡᠳᠪᠣᠷᠢᠯᠡᠯ  ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠣᠶᠢᠯ ᠤᠨ ᠬᠥᠷᠥᠰᠥ  ᠰᠢᠷᠣᠢ ᠶᠢ ᠬᠠᠮᠠᠭᠠᠯᠠᠬᠤ ᠲᠥᠰᠦᠯ ᠤᠨ ᠵᠥᠪᠰᠢᠶᠡᠷᠡᠯ ᠵᠡᠷᠭᠡ ᠪᠠᠭᠳᠠᠨ᠎ᠠ᠃    ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ ᠬᠠᠨ ᠸᠧᠨ ᠰᠢᠶᠠᠩ ᠲᠠᠨᠢᠯᠴᠠᠭᠤᠯᠬᠤ ᠳᠠᠭᠠᠨ᠂ ᠳᠥᠷᠪᠡᠨ ᠬᠤᠲᠠ  ᠤᠨ ︽ᠬᠠᠷᠢᠯᠴᠠᠨ ᠭᠦᠢᠴᠡᠳᠭᠡᠵᠦ ᠬᠠᠷᠢᠯᠴᠠᠨ ᠮᠡᠳᠡᠷᠡᠬᠦ︾ ᠶᠠᠪᠤᠴᠠ ᠨᠢ ︽ᠣᠨᠳᠣᠤ ᠭᠠᠵᠠᠷ ᠲᠤ  ᠬᠦᠯᠢᠶᠡᠨ ᠠᠪᠬᠤ —  ᠴᠤᠩᠬᠤᠷᠢᠭ ᠲᠤ ᠠᠩᠬ᠎ᠠ ᠬᠢᠨᠠᠬᠤ — ᠬᠠᠷᠢᠶ᠎ᠠ ᠭᠠᠵᠠᠷ ᠲᠤᠨᠢ ᠰᠢᠯᠵᠢᠭᠦᠯᠦᠨ ᠬᠦᠢᠴᠡᠳᠬᠡᠬᠦ  — ᠬᠠᠷᠢᠶ᠎ᠠ ᠭᠠᠵᠠᠷ ᠲᠤᠨᠢ ᠬᠢᠨᠠᠨ ᠬᠠᠷᠭᠤᠭᠤᠯᠬᠤ — ᠬᠢᠨᠠᠨ ᠵᠦᠪᠰᠢᠶᠡᠷᠡᠵᠤ ᠲᠣᠭᠳᠠᠬᠤ  — ᠭᠡᠷᠡᠴᠢ ᠭᠠᠷᠭᠠᠵᠤ ᠬᠦᠷᠭᠡᠬᠦ ︾ ᠪᠣᠯᠤᠨ᠎ᠠ᠃ ᠰᠢᠰᠲ᠋ᠧᠮ ᠤᠨ ᠡᠮᠦᠨ᠎ᠡ ᠦᠵᠦᠭᠦᠷ ᠲᠤ ᠭᠥᠯᠢᠶᠡᠨ ᠠᠪᠴᠤ᠂ ᠬᠠᠷᠢᠶ᠎ᠠ ᠭᠠᠵᠠᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠬᠤᠯᠪᠣᠭᠠᠯᠠᠨ ᠭᠦᠢᠴᠡᠳᠭᠡᠵᠦ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠳᠥᠷᠪᠡᠨ ᠬᠤᠳᠠ  ᠳᠤ ᠪᠠᠶᠢᠴᠠᠭ᠋ᠬᠤ᠂ ᠮᠠᠲ᠋ᠧᠷᠢᠶᠠᠯ ᠠᠪᠬᠤ ᠠᠷᠭ᠎ᠠ ᠮᠠᠶ᠋ᠢᠭ ᠢ ᠭᠥᠯᠢᠶᠡᠨ ᠠᠪᠴᠤ ᠰᠢᠢᠳᠪᠣᠷᠢᠯᠡᠬᠦ ᠵᠠᠭᠪᠤᠷ ᠢ ᠴᠢᠯᠥᠭᠡᠲᠡᠶ ᠰᠤᠩᠭᠤᠵᠦ ᠪᠤᠯᠤᠨ᠎ᠠ ᠭᠡᠪᠡ  ᠃    ᠳᠠᠷᠠᠭ᠎ᠠ ᠠᠯᠬᠤᠮ ᠳᠤ᠂ ᠵᠠᠰᠠᠭ ᠤᠨ ᠶᠠᠪᠤᠳᠠᠯ ᠤᠨ ᠣᠶᠢᠯᠡᠴᠢᠯᠡᠭᠡᠨ ᠤ ᠰᠠᠯᠠᠭ᠎ᠠ ᠮᠥᠴᠢᠷ ᠤᠳ ︽ᠤᠷᠢᠳᠠᠪᠠᠷ ᠬᠢᠯᠪᠠᠷ ᠢ ᠳᠠᠷᠠᠭ᠎ᠠ ᠨᠢ ᠬᠦᠴᠢᠷᠲᠡᠶ᠂ ᠠᠯᠬᠤᠮ ᠬᠤᠪᠢᠶᠠᠨ ᠬᠡᠷᠡᠭᠵᠢᠭᠦᠯᠬᠦ ᠵᠠᠷᠴᠢᠮ︾  ᠶᠣᠰᠣᠭᠠᠷ ᠨᠡᠪᠲᠡᠷᠡᠯᠴᠡᠭᠡ ᠬᠠᠮᠵᠢᠯᠴᠠᠭ᠎ᠠ ᠪᠠᠨ ᠤᠯᠠᠮ ᠴᠢᠩᠭᠠᠳᠬᠠᠵᠣ᠂ ᠳᠥᠷᠪᠡᠨ ᠭᠠᠵᠠᠷ ᠣᠷᠣᠨ ᠤ ᠬᠠᠷᠢᠯᠴᠠᠨ  ᠭᠦᠢᠴᠡᠳᠭᠡᠵᠦ  ᠬᠠᠷᠢᠯᠴᠠᠨ ᠮᠡᠳᠡᠷᠡᠬᠦ ᠵᠣᠶᠢᠯᠡᠰ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠣᠷᠣᠨ ᠤ ᠵᠠᠰᠠᠭ ᠤᠨ ᠶᠠᠪᠤᠳᠠᠯ ᠤᠨ ᠣᠶᠢᠯᠡᠴᠢᠯᠡᠭᠡᠨ ᠤ ᠪᠠᠷᠢᠮᠵᠢᠶᠠᠵᠢᠭᠤᠯᠬᠤ᠂ ᠬᠠᠮᠵᠢᠯᠴᠠᠬᠤ᠂ ᠤᠶᠤᠨᠴᠢᠯᠠᠬᠤ ᠬᠢᠷᠢ ᠲᠦᠪᠰᠢᠨ ᠢ ᠲᠠᠰᠤᠷᠠᠯᠲᠠ ᠥᠬᠡᠶ  ᠲᠡᠬᠡᠭᠰᠢᠯᠡᠬᠦᠯᠥᠨ᠎ᠡ᠃ http://mongol.people.com.cn/15824780.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号