ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ᠄ ᠦᠨᠳᠦᠰᠦᠲᠡᠨ ᠨᠦᠭᠦᠳ ᠡᠶ᠎ᠡ ᠨᠠᠶᠢᠷᠲᠠᠢ ᠪᠠᠷ ᠬᠠᠮᠲᠤ ᠤᠷᠤᠰᠢᠬᠤ ᠬᠦᠭ ᠠᠶᠠᠰ ᠢ ᠬᠠᠩᠭᠢᠨᠠᠭᠤᠯᠤᠨ᠎ᠠ
ᠨᠡᠶᠢᠲᠡᠯᠡᠭᠰᠡᠨ ᠴᠠᠭ᠄
2020/9/22
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠱᠠ ᠱᠠ︶ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠣᠶᠢᠷ᠎ᠠ ᠶᠢᠨ ᠵᠢᠯ ᠤᠳ ᠲᠤ ᠡᠭᠦᠷᠭᠡ ᠬᠠᠷᠢᠭᠤᠴᠠᠯᠭ᠎ᠠ ᠮᠦᠷᠦᠯᠡᠵᠦ᠂ ᠠᠷᠠᠳ ᠣᠯᠠᠨ ᠤ ᠳᠤᠮᠳᠠ ᠠᠴᠠ ᠤᠳᠬ᠎ᠠ ᠤᠷᠠᠯᠢᠭ ᠤᠨ ᠰᠢᠮ᠎ᠡ ᠲᠡᠵᠢᠭᠡᠯ ᠬᠦᠷᠲᠡᠵᠦ᠂ ᠪᠠᠰᠠ ᠮᠣᠩᠭᠤᠯ ᠦᠨᠳᠦᠰᠦᠲᠡᠨ ᠤ ᠤᠨᠴᠠᠯᠢᠭᠳᠤ ᠤᠳᠬ᠎ᠠ ᠤᠷᠠᠯᠢᠭ ᠤᠨ ᠫᠷᠤᠭ᠍ᠷᠠᠮ ᠢᠶᠠᠷ ᠠᠷᠠᠳ ᠤᠯᠠᠨ   ᠳᠤ ᠠᠴᠢ ᠬᠠᠷᠢᠭᠤᠯᠵᠦ᠂ ᠲᠦᠮᠡᠳ ᠵᠡᠭᠦᠨ ᠬᠤᠰᠢᠭᠤᠨ ᠤ  ᠨᠤᠲᠤᠭ ᠲᠤ ᠡᠯ᠎ᠡ ᠦᠨᠳᠦᠰᠦᠲᠡᠨ ᠡᠶ᠎ᠡ ᠨᠠᠶᠢᠷᠲᠠᠢ ᠪᠠᠷ ᠬᠠᠮᠲᠤ ᠣᠷᠣᠰᠢᠬᠤ ᠬᠦᠭ ᠠᠶᠠᠰ ᠢ ᠴᠤᠤᠷᠢᠶᠠᠳᠤᠭᠤᠯᠵᠦ ᠪᠠᠶᠢᠨ᠎ᠠ  ᠃    ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ︽ᠮᠣᠩᠭᠤᠯ ᠦᠨᠳᠦᠰᠦᠲᠡᠨ ᠤ ᠳᠠᠭᠤᠤ ᠪᠥᠵᠢᠭ ᠤᠨ  ᠤᠨᠴᠠᠯᠢᠭ ᠪᠦᠬᠦᠢ ᠤᠷᠠᠯᠢᠭ ᠤᠨ ᠪᠦᠯᠬᠦᠮ︾ ᠤᠨ ᠵᠠᠮ ᠢᠶᠠᠷ ᠶᠠᠪᠤᠵᠤ᠂ ᠮᠣᠩᠭᠤᠯ ᠦᠨᠳᠦᠰᠦᠲᠡᠨ ᠤ ᠪᠥᠵᠢᠭ᠂ ᠬᠦᠮᠡᠢ᠂ ᠤᠷᠲᠤ ᠶᠢᠨ ᠳᠠᠭᠤᠤ᠂ ᠮᠣᠷᠢᠨ ᠬᠤᠭᠤᠷ ᠵᠡᠷᠭᠡ ᠮᠣᠩᠭᠤᠯ ᠤᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ ᠭᠠᠷᠭᠠᠳᠠᠭ ᠪᠠᠶᠢᠨ᠎ᠠ᠃ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠬᠦ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠤᠭᠰᠠᠨ ᠤ ᠬᠤᠪᠢ ᠳᠤ᠂ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠨᠢ ᠵᠢᠯ ᠲᠤᠷᠰᠢ ᠬᠥᠳᠡᠭᠡ ᠲᠣᠰᠬᠤᠨ᠂ ᠰᠤᠷᠭᠠᠭᠤᠯᠢ᠂ ᠨᠡᠶᠢᠭᠡᠮ ᠲᠣᠭᠤᠷᠢᠭ ᠵᠡᠷᠭᠡ ᠲᠠᠯᠠᠪᠤᠷ ᠲᠤ ᠲᠤᠭᠯᠠᠯᠲᠠ ᠭᠠᠷᠭᠠᠳᠠᠭ ᠪᠠᠶᠢᠨ᠎ᠠ  ᠃    ᠴᠥᠭᠡᠨ ᠲᠣᠭᠠᠲᠤ ᠦᠨᠳᠦᠰᠦᠲᠡᠨ ᠤ ᠳᠠᠭᠤᠤ ᠶᠢ ᠨᠠᠩ ᠰᠠᠶᠢᠨ ᠨᠠᠩ ᠣᠯᠠᠨ ᠤᠯᠠᠮᠵᠢᠯᠠᠨ ᠵᠠᠯᠭᠠᠮᠵᠢᠯᠠᠬᠤ ᠶᠢᠨ ᠲᠤᠯᠠᠲᠠ᠂ ᠲᠡᠳᠡ ᠲᠣᠭᠯᠠᠯᠲᠠ ᠭᠠᠷᠭᠠᠬᠤ ᠦᠶ᠎ᠡ ᠳᠡᠭᠡᠨ ᠪᠠᠰᠠ ᠲᠤᠬᠠᠶ ᠶᠢᠨ ᠭᠠᠵᠠᠷ ᠤᠨ ᠨᠠᠰᠤᠲᠠᠳ ᠤᠨ ᠳᠤᠮᠳᠠ ᠣᠴᠢᠵᠤ᠂ ᠤᠷᠢᠳᠤ ᠶᠢᠨ ᠳᠠᠭᠤᠤ ᠶᠢ ᠰᠤᠷᠤᠯᠴᠠᠵᠦ᠂ ᠡᠳᠡᠭᠡᠷ ᠳᠠᠭᠤᠤ ᠶᠢ ᠤᠯᠠᠭᠠᠨᠮᠥ᠋ᠴᠢᠷ ᠤᠨ ᠲᠣᠭᠯᠠᠯᠲᠠ ᠳᠠᠭᠠᠨ ᠬᠡᠷᠡᠭᠯᠡᠳᠡᠭ ᠪᠠᠶᠢᠯ᠎ᠠ᠃     ᠠᠷᠠᠳ ᠣᠯᠠᠨ ᠤ ᠳᠤᠮᠳᠠ ᠰᠤᠷᠪᠤᠯᠵᠢᠯᠠᠬᠤ ᠠᠴᠠ ᠭᠠᠳᠠᠨ᠎ᠠ᠂ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ︽ᠤᠬᠠᠭᠤᠯᠭ᠎ᠠ︾ ︽ᠦᠢᠯᠡᠴᠢᠯᠡᠭᠡ︾ ᠶᠢᠨ ᠡᠭᠦᠷᠭᠡ  ᠴᠢᠳᠠᠪᠬᠢ ᠶᠢ ᠮᠦᠷᠦᠯᠡᠵᠦ᠂ ᠣᠯᠠᠨ ᠲᠦᠮᠡᠨ ᠳᠤ ᠦᠢᠯᠡᠴᠢᠯᠡᠬᠦ ᠪᠠ ᠣᠯᠠᠨ ᠲᠦᠮᠡᠨ ᠢ ᠬᠥᠲᠥᠯᠥᠨ ᠳᠠᠭᠠᠭᠤᠯᠬᠤ ᠶᠢ ᠤᠶᠠᠯᠳᠤᠭᠤᠯᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠷᠠᠯᠢᠭ ᠤᠨ ᠬᠡᠯᠪᠡᠷᠢ ᠪᠠᠷ ᠦᠨᠳᠦᠰᠦᠲᠡᠨ ᠨᠦᠭᠦᠳ ᠤᠨ ᠠᠷᠠᠳ  ᠲᠦᠮᠡᠨ ᠤ ᠪᠦᠯᠬᠦᠮᠳᠡᠯ ᠢ ᠨᠢᠭᠲᠠᠷᠠᠭᠤᠯᠳᠠᠭ  ᠃    ︽ᠣᠳᠣ ᠪᠢᠳᠡᠨ ᠳᠤ 38ᠲᠤᠭᠯᠠᠭᠴᠢ ᠲᠠᠢ᠂ ᠵᠢᠯ ᠪᠦᠷᠢ 160 ᠭᠠᠷᠤᠶ ᠲᠠᠯᠠᠪᠠᠶ ᠲᠣᠭᠯᠠᠯᠲᠠ ᠭᠠᠷᠭᠠᠵᠤ᠂ ᠪᠠᠷᠤᠭ ᠬᠤᠶᠠᠷ ᠡᠳᠦᠷ ᠪᠦᠷᠢ ᠨᠢᠭᠡ ᠤᠳᠠᠭ᠎ᠠ ᠲᠤᠭᠯᠠᠨ᠎ᠠ᠃ ᠮᠠᠨ ᠤ ᠤᠤᠯ ᠤᠨ ᠥᠪᠡᠷᠮᠢᠴᠡ ᠣᠨᠴᠠᠯᠢᠭ ᠲᠠᠢ ᠫᠷᠤᠭ᠍ᠷᠠᠮ ᠠᠴᠠ ᠭᠠᠳᠠᠨ᠎ᠠ ᠪᠠᠰᠠ ᠮᠠᠨ ᠤ ᠲᠤᠬᠠᠢ ᠶᠢᠨ ᠭᠠᠵᠠᠷ ᠤᠨ ᠰᠤᠶᠤᠯ ᠲᠠᠢ ᠤᠶᠠᠯᠳᠤᠭᠤᠯᠬᠤ ᠪᠣᠯᠤᠨ᠎ᠠ᠃ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠲᠠᠯ᠎ᠠ ᠪᠠᠷ᠂ ᠪᠢᠳᠠ ᠮᠠᠰᠢ ᠤᠯᠠᠨ ᠭᠡᠭᠡᠭᠳᠡᠭᠰᠡᠨ ᠤᠷᠳ ᠨᠤᠲᠤᠭ ᠤᠨ ᠳᠠᠭᠤᠤ᠂ ᠠᠷᠠᠳ ᠤᠨ ᠳᠠᠭᠤᠤ ᠶᠢ ᠠᠭᠤᠳᠠᠯᠯᠠᠨ ᠴᠤᠭᠯᠠᠭᠤᠯᠪᠠ᠃ ᠡᠨᠡ ᠬᠡᠳᠦᠨ ᠵᠢᠯ ᠪᠢᠳᠠ ᠮᠠᠰᠢ ᠠᠷᠪᠢᠨ ᠠᠮᠵᠢᠯᠲᠠ ᠣᠯᠤᠭᠰᠠᠨ ᠶᠤᠮ᠃︾ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠳᠠᠷᠤᠭ᠎ᠠ ᠰᠤᠳᠤᠪᠠᠳᠤ ᠰᠤᠷᠪᠤᠯᠵᠢᠯᠠᠭᠴᠢ ᠳᠤ ᠬᠡᠯᠡᠬᠦ ᠳᠡᠭᠡᠨ᠂ 2019 ᠣᠨ ᠳᠤ ᠪᠥᠬᠦ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠲᠤ ᠣᠷᠣᠯᠴᠠᠬᠤ ᠦᠶ᠎ᠡ ᠳᠤ᠂ ᠲᠠᠳᠠ ᠪᠦᠯᠬᠦᠮ ᠤᠨ ᠮᠥᠩᠭᠦᠨ  ᠮᠧᠲᠠᠯ ᠤᠨ ᠰᠠᠶᠢᠨ ᠬᠢᠷᠢ ᠪᠦᠲᠦᠮᠵᠢ ᠣᠯᠤᠭᠰᠠᠨ ᠢᠶᠠᠷ ᠪᠠᠷᠠᠬᠤ ᠥᠬᠡᠶ᠂ ᠪᠠᠰᠠ 9 ᠳᠠᠩ ᠲᠦᠷᠦᠯ  ᠤᠨ ᠱᠠᠩᠨᠠᠯ ᠣᠯᠵᠠᠶ᠃ ᠣᠯᠠᠨ ᠲᠦᠮᠡᠨ ᠤ ᠨᠠᠩ ᠰᠠᠶᠢᠨ ᠰᠠᠶᠢᠬᠠᠨ ᠰᠣᠶᠣᠯ ᠤᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠳᠤ ᠵᠤᠬᠢᠴᠠᠭᠤᠯᠬᠤ ᠶᠢᠨ ᠲᠥᠯᠥᠭᠡ᠂ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠦᠨᠳᠦᠰᠦᠲᠡᠨ ᠤ ᠠᠷᠠᠳ ᠤᠨ ᠰᠣᠶᠣᠯ ᠤᠨ ᠰᠢᠮ᠎ᠡ ᠲᠡᠵᠢᠭᠡᠯ ᠢ ᠥᠷᠭᠡᠨ ᠢᠶᠠᠷ ᠰᠢᠩᠭᠡᠭᠡᠨ ᠠᠪᠴᠤ᠂ ᠲᠦᠮᠡᠳ ᠵᠡᠭᠦᠨ ᠬᠤᠰᠢᠭᠤᠨ ᠤ ᠲᠡᠤᠬᠡ ᠰᠣᠶᠣᠯ᠂  ᠬᠤᠪᠢᠰᠬᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠪᠠᠷ  ᠭᠤᠤᠯᠯᠠᠭᠤᠯᠵᠦ᠂ ᠮᠣᠩᠭᠤᠯ ᠦᠨᠳᠦᠰᠦᠲᠡᠨ ᠤ ᠳᠠᠭᠤᠤ ᠪᠥᠵᠢᠭ ᠤᠨ ᠤᠷᠠᠯᠢᠭ ᠤᠨ ᠬᠡᠯᠪᠡᠷᠢ ᠶᠢ ᠠᠭᠤᠰᠤᠯᠴᠠᠭᠤᠯᠵᠤ᠂ ᠲᠦᠮᠡᠳ ᠤᠨ ᠢᠯᠡ ᠲᠣᠳᠣ ᠣᠨᠴᠠᠯᠢᠭ ᠲᠠᠢ᠂ ᠦᠨᠳᠦᠰᠦᠨ ᠱᠠᠲᠤᠨ ᠳᠤ ᠲᠣᠬᠢᠷᠠᠬᠤ ᠤᠷᠠᠨ ᠰᠠᠶᠢᠬᠠᠨ ᠤ ᠵᠦᠴᠦᠭᠡ ︵ ᠲᠤᠭᠯᠠᠯᠲᠠ︶ ᠶᠢ ᠵᠤᠬᠢᠶᠠᠨ ᠪᠦᠳᠦᠭᠡᠨ᠎ᠡ ᠭᠡᠯ᠎ᠡ᠃http://mongol.people.com.cn/15824737.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ