ᠰᠢᠨ᠎ᠡ ᠬᠤᠲᠠ ᠲᠣᠭᠤᠷᠢᠭ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠵᠢᠴᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/23
     ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠤᠲᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠢᠲᠡᠭᠡᠮᠵᠢ ᠶᠢᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠤᠭᠲᠠᠴᠠ ᠶᠢ ᠲᠡᠭᠦᠯᠳᠡᠷᠵᠢᠭᠦᠯᠵᠦ᠂ ᠪᠦᠬᠦ ᠨᠡᠶᠢᠭᠡᠮ ᠢ ᠬᠠᠮᠤᠷᠤᠭᠰᠠᠨ ᠢᠲᠡᠭᠡᠮᠵᠢ ᠶᠢᠨ ᠰᠢᠰᠲ᠋ᠧᠮ ᠢ ᠪᠠᠶᠢᠭᠤᠯᠵᠤ᠂ ᠢᠲᠡᠭᠡᠮᠵᠢ ᠶᠢᠨ ᠠᠵᠢᠯ ᠡᠷᠬᠢᠯᠡᠭᠰᠡᠳ ᠤᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠦᠯᠦᠭᠡ᠂ 9 ᠳ᠋ᠦ᠋ᠭᠡᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠵᠢᠴᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃      ᠬᠤᠷᠠᠯ ᠠᠴᠠ ᠰᠢᠨ᠎ᠡ ᠬᠤᠲᠠ ᠲᠣᠭᠤᠷᠢᠭ ᠤᠨ 2020 ᠣᠨ ᠤ 1 — 8 ᠳ᠋ᠤᠭᠠᠷ ᠰᠠᠷ᠎ᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠮᠡᠳᠡᠭᠳᠡᠪᠡ᠃
     ᠬᠤᠷᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠰᠠᠯᠠᠭᠠᠨ ᠳᠠᠷᠤᠭ᠎ᠠ ᠪᠦᠦ ᠶᠦᠩ ᠸᠧᠶ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠬᠢᠷᠠᠭᠤᠯᠤᠯᠲᠠ ᠶᠢᠨ ᠪᠣᠳᠠᠲᠠᠶ ᠠᠭᠤᠯᠭ᠎ᠠ ᠪᠠ ᠱᠠᠭᠠᠷᠳᠠᠯᠭ᠎ᠠ ᠶᠢᠨ ᠲᠤᠬᠠᠶ ᠲᠤᠰᠬᠠᠶ ᠰᠡᠳᠦᠪᠲᠦ ᠪᠣᠯᠪᠠᠰᠤᠷᠠᠯ ᠬᠢᠪᠡ ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠲᠥᠪ ᠤᠨ ᠲᠦᠷᠦᠯ ᠵᠣᠶᠢᠯ ᠤᠨ ᠢᠨᠵᠧᠨᠧᠷ ᠽᠸᠤ ᠶᠢᠦ ᠨᠢᠩ ᠬᠤᠶᠠᠷ ᠢ ᠢᠯᠡ ᠨᠡᠶᠢᠲᠡᠯᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠬᠦᠴᠢᠷᠳᠡᠯ ᠵᠢᠴᠢ ᠬᠡᠷᠬᠢᠨ ᠠᠷᠭᠠᠴᠠᠭᠠᠬᠤ ᠲᠤᠬᠠᠢ ᠨᠠᠷᠢᠨ ᠲᠠᠶᠢᠯᠤᠮᠵᠢ ᠬᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠴᠢᠬᠤᠯᠠ ᠠᠭᠤᠯᠭ᠎ᠠ ᠪᠠᠶᠢᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠲᠤᠬᠠᠶ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠬᠢᠨᠠᠨ ᠬᠠᠮᠢᠶᠠᠷᠤᠯᠲᠠ ᠶᠢᠨ ᠴᠢᠳᠠᠪᠤᠷᠢ ᠪᠣᠯᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠲᠦᠯᠬᠢᠨ ᠠᠬᠢᠭᠤᠯᠬᠤ ᠦᠢᠯᠡᠳᠦᠯ ᠲᠠᠢ ᠪᠠᠶᠢᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠢᠯᠯᠠᠭ᠎ᠠ ᠶᠢ ᠬᠥᠭᠵᠢᠭᠡᠵᠦ᠂ ᠦᠨᠡᠨᠴᠢ ᠢᠲᠡᠭᠡᠮᠵᠢᠲᠡᠶ ᠪᠠᠶᠢᠬᠤ ᠤᠬᠠᠮᠰᠠᠷ ᠢ ᠪᠤᠢ ᠪᠤᠯᠭᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠤ ᠠᠵᠤ ᠠᠬᠤᠶ ᠰᠢᠨ᠎ᠡ ᠬᠡᠪ ᠪᠠᠶᠢᠳᠠᠯ ᠳᠤ ᠣᠷᠣᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠤᠭᠰᠠᠨ ᠶᠡᠭᠡ ᠠᠬᠤᠶ ᠪᠠᠶᠢᠳᠠᠯ ᠳᠣᠤᠷ᠎ᠠ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠬᠦ ᠨᠢ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ  ᠰᠢᠯᠢᠳᠡᠭᠵᠢᠭᠦᠯᠵᠦ᠂ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠵᠥᠭᠡᠯᠡᠨ ᠪᠣᠳᠠᠲᠤ ᠬᠦᠴᠦᠨ ᠢ ᠨᠡᠮᠡᠭᠳᠡᠭᠦᠯᠵᠦ᠂ ᠣᠷᠣᠨ ᠪᠦᠰᠡ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠵᠦ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠪᠠ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠳᠡᠭᠡᠷ᠎ᠡ ᠨᠢᠭᠡᠳᠬᠡᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠠᠲᠤᠳᠬᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠰᠢᠨ᠎ᠡ ᠬᠤᠲᠠ ᠲᠣᠭᠤᠷᠢᠭ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠰᠢᠨ᠎ᠡ ᠲᠦᠪᠰᠢᠨ ᠳᠤ ᠬᠦᠷᠭᠡᠬᠦ ᠪᠠᠷ ᠴᠢᠷᠮᠠᠶᠢᠬᠤ ᠬᠡᠷᠡᠭᠲᠡᠢ ᠭᠡᠪᠡ᠃       ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ᠂ ᠲᠤᠭᠤᠷᠢᠭ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠢᠤᠢ ᠰᠢᠶᠠᠩ ᠵᠢᠶᠦ᠋ᠨ᠂ ᠲᠤᠭᠤᠷᠢᠭ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠤᠷᠤᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号