ᠥᠪᠥᠷ ᠮᠣᠩᠭᠤᠯ ᠤᠨ ᠠᠷᠪᠠᠨ ᠨᠢᠭᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾ ᠵᠢᠴᠢ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠰᠠᠷ᠎ᠠ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2020/9/23
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ 9 ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠠᠷᠪᠠᠨ ᠨᠢᠭᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ  ᠨᠡᠭᠡᠭᠡᠯᠲᠡ‌‍ᠶᠢᠨ ᠡᠳᠦᠷ︾ ᠵᠢᠴᠢ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ ᠃ ᠲᠤᠰ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠨᠢ ︽ᠲᠣᠮᠣ ᠤᠯᠤᠰ ᠤᠨ ᠨᠡᠷ᠎ᠡ ᠲᠤᠷᠠᠳᠤᠯᠲᠠ ᠳᠤ ᠴᠢ ᠲᠤᠳᠠᠵᠦ ᠪᠣᠯᠬᠤ ᠦᠭᠡᠶ︾ ᠭᠡᠰᠡᠨ ᠢᠶᠠᠷ ᠭᠤᠤᠯ ᠰᠡᠳᠦᠪ ᠪᠤᠯᠭᠠᠵᠦ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠨᠢ ᠠᠷᠠᠳ ᠢᠷᠭᠡᠨ ᠨᠢᠭᠡᠪᠦᠷᠢ ᠲᠠᠢ ᠨᠢᠭᠲᠠ ᠬᠤᠯᠪᠣᠭ᠎ᠠ ᠲᠠᠢ ᠭᠡᠳᠡᠭ ᠢ ᠤᠯᠠᠮ ᠨᠢᠭᠡ ᠠᠯᠬᠤᠮ ᠲᠠᠶᠢᠯᠪᠤᠷᠢᠯᠠᠪᠠ᠃   ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠫᠠᠨ ᡁᠢ ᠹᠧᠩ ᠠᠵᠢᠯᠯᠠᠭ᠎ᠠ ᠳᠤ ᠣᠷᠣᠯᠴᠠᠪᠠ᠃    ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠬᠤᠤ ᠯᠸᠢ ᠦᠭᠡ ᠬᠡᠯᠡᠬᠦ ᠳᠡᠭᠡᠨ᠂ ᠬᠥᠬᠡᠬᠤᠲᠠ ᠨᠢ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠪᠣᠯᠤᠭᠰᠠᠨ ᠤ ᠬᠤᠪᠢ ᠳᠤ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠨᠢ ᠨᠠᠩ ᠴᠤ ᠲᠦᠷᠦᠭᠦᠨ  ᠳᠤᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃ ᠪᠦᠬᠦ ᠬᠤᠲᠠ ᠳᠠᠶᠠᠭᠠᠷ ᠴᠠᠭ ᠪᠢᠳᠡᠨ ᠢ ᠬᠦᠯᠢᠶᠡᠬᠦ ᠦᠭᠡᠢ ᠭᠡᠰᠡᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠢᠳᠡᠪᠬᠢᠲᠡᠢ ᠰᠠᠶᠢᠲᠤᠷ ᠬᠢᠬᠦ  ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠲᠥᠷᠥ ᠶᠢᠨ ᠪᠤᠲᠤᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ︔ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠢ︔ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠣᠨᠢᠨ ᠮᠡᠳᠡᠭᠡᠨ ᠤ ᠨᠢᠭᠡᠴᠡ ᠬᠢᠭᠡᠳ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠬᠠᠮᠳᠤᠪᠡᠷ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠭᠡᠵᠡᠢ  ᠃    ᠣᠶᠢᠯᠠᠭᠠᠭᠰᠠᠨ ᠢᠶᠠᠷ᠂ ︽ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾ ᠢ ᠨᠢᠭᠡᠨᠲᠡ ᠠᠷᠪᠠᠳᠤᠭᠠᠷ ᠬᠤᠭᠤᠴᠠᠭ᠎ᠠ ᠡᠷᠬᠢᠯᠡᠵᠦ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠢᠯᠡ ᠲᠣᠳᠣ ᠴᠢᠬᠤᠯᠠ ᠨᠡᠷᠡᠲᠦ ᠲᠡᠮᠳᠡᠭ ᠪᠣᠯᠵᠠᠶ᠃ ᠨᠡᠶᠢᠭᠡᠮ ᠨᠡᠶᠢᠲᠡ ᠳᠤ ᠲᠤᠭ᠎ᠠ ᠪᠦᠷᠢᠳᠬᠡᠯ ᠤᠨ ᠥᠭᠡᠷᠡᠴᠢᠯᠡᠯᠲᠡ ᠪᠣᠯᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠠᠬᠢᠴᠠ ᠰᠢᠨ᠎ᠡ ᠠᠮᠵᠢᠯᠲᠠ ᠰᠢᠨ᠎ᠡ ᠳᠦᠷᠰᠦ ᠪᠠᠶᠢᠳᠠᠯ ᠢ ᠦᠵᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠲᠤᠭ᠎ᠠ ᠪᠦᠷᠢᠳᠬᠡᠯ ᠤᠨ ᠮᠡᠳᠡᠯᠭᠡ ᠶᠢ ᠤᠯᠠᠮᠵᠢᠯᠠᠬᠤ᠂ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠲᠤᠭ᠎ᠠ ᠪᠦᠷᠢᠳᠬᠡᠯ ᠤᠨ ᠰᠣᠶᠣᠯ ᠢ ᠪᠠᠳᠠᠷᠠᠭᠤᠯᠬᠤ ᠵᠡᠷᠭᠡ ᠲᠠᠯ᠎ᠠ ᠪᠠᠷ ᠡᠯᠪᠡᠭ ᠪᠠᠶᠠᠯᠢᠭ ᠦᠷ᠎ᠡ ᠪᠦᠲᠦᠭᠡᠯ ᠣᠯᠤᠭᠰᠠᠨ ᠪᠠᠶᠢᠨ᠎ᠠ᠃ ᠡᠨᠡ ᠵᠢᠯ ᠪᠣᠯ ᠶᠠᠭ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠦᠷᠨᠢᠭᠦᠯᠬᠦ ᠵᠢᠯ ᠪᠣᠯᠤᠨ᠎ᠠ᠂ ᠡᠨᠡ ᠪᠣᠯ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠤᠷᠤᠭᠰᠠᠨ ᠨᠢᠭᠡᠨ ᠴᠢᠬᠤᠯᠠ ᠶᠡᠭᠡ ᠨᠡᠶᠢᠭᠡᠮ ᠤᠨ ᠳᠠᠶᠢᠴᠢᠯᠠᠯᠲᠠ ᠪᠣᠯᠤᠨ᠎ᠠ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠠᠷᠠᠳ ᠠᠴᠠ ᠠᠪᠴᠤ᠂ ᠠᠷᠠᠳ ᠬᠡᠷᠡᠭᠯᠡᠨ᠎ᠡ᠂ ᠡᠨᠡ ᠵᠢᠯ ᠤᠨ ᠨᠡᠭᠡᠭᠡᠯᠲᠡ ᠶᠢᠨ ᠡᠳᠦᠷ ᠢ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠲᠡᠮ ᠪᠠᠶᠢᠴᠠᠭᠠᠯᠲᠠ ᠳᠤ ᠲᠥᠪᠯᠡᠷᠡᠭᠦᠯᠬᠦ ᠪᠣᠯ ᠡᠨᠡᠬᠦ ᠴᠢᠬᠤᠯᠠ ᠪᠠᠶᠢᠴᠠᠭᠠᠯᠲᠠ ᠪᠠᠷ ᠨᠡᠶᠢᠭᠡᠮ ᠤᠨ  ᠠᠩᠬᠠᠷᠤᠯ ᠳᠤ ᠬᠠᠷᠢᠭᠤᠯᠲᠠ ᠥᠭᠬᠦ ᠱᠠᠭᠠᠷᠳᠠᠯᠭ᠎ᠠ ᠪᠣᠯᠤᠨ᠎ᠠ᠃ ᠮᠥᠨᠴᠦ ᠣᠯᠠᠨ ᠨᠡᠶᠢᠲᠡ ᠶᠢᠨ ᠳᠡᠮᠵᠢᠯᠭᠡ ᠬᠠᠮᠵᠢᠯᠴᠠᠭ᠎ᠠ ᠶᠢ ᠣᠯᠵᠤ᠂ ᠨᠡᠶᠢᠳᠡᠮ ᠪᠠᠶᠢᠴᠠᠭᠠᠯᠲᠠ ᠶᠢ ᠤᠷᠤᠭᠰᠢᠲᠠᠶ ᠶᠠᠪᠤᠭᠳᠠᠭᠤᠯᠬᠤ  ᠶᠢᠨ ᠲᠤᠰᠠᠲᠠ ᠤᠬᠠᠭᠤᠯᠤᠨ ᠳᠠᠶᠢᠴᠢᠯᠠᠬᠤ ᠶᠢ ᠰᠠᠶᠢᠲᠤᠷ ᠬᠢᠬᠦ ᠶᠢᠨ ᠬᠡᠷᠡᠭᠴᠡᠭᠡ ᠪᠣᠯᠤᠨ᠎ᠠ᠃http://mongol.people.com.cn/15824863.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号