ᠳᠡᠭᠡᠷ᠎ᠡ ᠬᠠᠭᠠᠰ ᠵᠢᠯ ᠳᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 6.24 ᠳ᠋ᠦᠩᠰᠢᠭᠤᠷ ᠲᠥᠭᠦᠷᠢᠭ ᠤᠨ ᠪᠡᠯᠡ ᠮᠥᠩᠭᠦ  ᠪᠠᠭᠤᠯᠭᠠᠵᠤ ᠲᠥᠪ ᠬᠤᠲᠠ ᠶᠢᠨ ᠨᠡᠶᠢᠭᠡᠮ ᠤᠨ ᠡᠮᠴᠢᠯᠡᠭᠡ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠳᠤᠯᠠᠭ᠎ᠠ ᠬᠠᠩᠭᠠᠪᠠ
ᠨᠡᠶᠢᠲᠡᠯᠡᠭᠰᠡᠨ ᠴᠠᠭ᠄
2020/9/23
       ᠳᠡᠭᠡᠷ᠎ᠡ ᠬᠠᠭᠠᠰ ᠵᠢᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠡᠶᠢᠲᠡ 6.24 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠲᠥᠪ ᠬᠤᠲᠠ ᠶᠢᠨ ᠨᠡᠶᠢᠭᠡᠮ ᠤᠨ ᠡᠮᠴᠢᠯᠡᠭᠡ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠦᠬᠦ ᠬᠦᠴᠦᠨ ᠢᠶᠠᠷ ᠢᠶᠠᠨ ᠪᠠᠳᠤᠯᠠᠭ᠎ᠠ ᠬᠠᠩᠭᠠᠪᠠ᠃      ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠂ ᠳᠡᠭᠡᠷ᠎ᠡ ᠬᠠᠭᠠᠰ ᠵᠢᠯ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠡᠶᠢᠲᠡ 48049.62 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠭᠤᠣᠯᠳᠠᠭᠤ  ᠶᠡᠭᠡ ᠲᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠳᠠᠳᠤᠯᠭ᠎ᠠ ᠬᠢᠭᠰᠡᠳ ᠤᠨ ᠠᠮᠢᠳᠤᠷᠠᠯ ᠤᠨ ᠨᠦᠬᠦᠪᠦᠷᠢ᠂ ᠬᠦᠴᠢᠷᠳᠡᠯᠲᠡᠢ ᠰᠤᠷᠤᠭᠴᠢᠳ ᠤᠨ ᠪᠠᠷᠠᠭ᠎ᠠ ᠶᠢᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠢ ᠦᠷᠭᠦᠯᠵᠢᠯᠡᠭᠦᠯᠬᠦ ᠠᠵᠢᠯ ᠤᠨ ᠨᠦᠬᠦᠪᠦᠷᠢ᠂ ᠬᠦᠴᠢᠷᠳᠡᠯᠲᠡᠢ ᠣᠯᠠᠨ ᠲᠦᠮᠡᠨ ᠤ ᠠᠪᠤᠷᠠᠨ ᠲᠤᠰᠠᠯᠠᠬᠤ ᠨᠥᠬᠦᠪᠥᠷᠢ ᠶᠢᠨ ᠪᠡᠯᠡ ᠮᠥᠩᠭᠦ ᠵᠡᠷᠭᠡ ᠲᠠᠯ᠎ᠠ ᠳᠤ ᠬᠡᠷᠡᠭᠯᠡᠪᠡ ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠲᠠᠯ᠎ᠠ ᠪᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠡᠶᠢᠲᠡ 259.21 ᠲᠦᠮᠡᠨ ᠲᠥᠭᠦᠷᠢᠭ ᠤᠨ ᠪᠠᠯᠠ ᠮᠥᠩᠭᠦ ᠪᠠᠭᠤᠯᠭᠠᠵᠤ᠂ 2019 ᠣᠨ ᠤ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠪᠥᠷᠢ ᠶᠢᠨ ᠬᠤᠲᠠ ᠶᠢᠨ ᠲᠠᠰ ᠤᠨ ᠢᠵᠢ ᠪᠥᠷᠢᠳᠦᠭᠦᠯᠬᠦ ᠪᠠᠯᠠ ᠮᠥᠩᠭᠦ᠂ ︽ᠭᠡᠷᠡᠯ ᠭᠡᠭᠡ ᠶᠢᠨ ᠠᠶᠠᠯᠠᠯ︾  ᠴᠠᠭᠠᠨ ᠬᠠᠷᠠᠩ ᠡᠪᠡᠳᠴᠢᠳᠡᠨ ᠳᠤ ᠬᠠᠷᠠᠭ᠎ᠠ ᠤᠷᠤᠭᠤᠯᠬᠤ ᠠᠵᠢᠯᠯᠠᠭ᠎ᠠ ᠶᠢᠨ ᠦᠨ᠎ᠡ ᠲᠦᠯᠦᠪᠦᠷᠢ ᠦᠭᠡᠢ ᠮᠡᠰᠡ ᠵᠠᠰᠠᠯ ᠤᠨ ᠨᠥᠬᠦᠪᠥᠷᠢ ᠵᠡᠷᠭᠡ ᠳᠤ ᠬᠡᠷᠡᠭᠯᠡᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠡᠶᠢᠲᠡ 14096.15 ᠲᠦᠮᠡᠨ ᠲᠥᠭᠦᠷᠢᠭ ᠤᠨ ᠪᠡᠯᠡ ᠮᠥᠩᠭᠦ ᠰᠠᠯᠭᠠᠨ ᠥᠭᠴᠡᠶ᠃     ᠰᠤᠷᠪᠤᠯᠵᠢᠯᠠᠭᠴᠢ ᠰᠦᠩ ᠰᠢᠶᠠᠩ ᠬᠤᠸᠠ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号