ᠾᠧ ᠬᠠᠢ ᠳ᠋ᠦᠩ ᠣᠷᠣᠯᠴᠠᠵᠠᠢ | 9 ᠳ᠋ᠤᠭᠡᠷ ᠰᠠᠷ᠎ᠠ ᠶᠢᠨ 22 ᠤᠨ ᠡᠳᠦᠷ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ︾ ᠬᠥᠬᠡᠬᠤᠲᠠ ᠶᠢᠨ | 37 ᠳᠠᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠶᠢᠨ ᠲᠤᠮᠤ ᠬᠡᠯᠪᠡᠷᠢ ᠶᠢᠨ | ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠷᠤ᠋ ᠢ ᠠᠭᠤᠳᠠᠮ ᠲᠠᠯᠠᠪᠠᠢ ᠳᠤ ᠶᠠᠪᠤᠭᠳᠠᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠾᠧ ᠬᠠᠢ ᠳ᠋ᠦᠩ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ | ᠱᠦᠵᠢ ᠭᠠᠩᠪᠦ᠋ᠬᠡ ᠠᠵᠢᠯᠯᠠᠭ᠎ᠠ ᠶᠢ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠵᠠᠩ ᠶᠢᠨ ᠫᠢᠩ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠤᠨ ᠳᠡᠳ᠋ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ | ᠬᠤᠷᠢᠶ᠎ᠠ ᠶᠢᠨ ᠱᠦᠵᠢ ᠮᠠᠤ ᠪᠦᠦ ᠹᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠶᠦᠨ ᠺᠦᠶ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠤᠨ ᠨᠠᠮ ᠤᠨ ᠠᠵᠢᠯᠯᠠᠬᠤ | ᠬᠤᠷᠢᠶᠠᠨ ᠤ ᠱᠦᠵᠢ ᠯᠢ ᠰᠢᠶᠤᠤ ᠳ᠋ᠦᠩ ᠠᠵᠢᠯᠯᠠᠭ᠎ᠠ ᠳᠤ ᠣᠷᠣᠯᠴᠠᠵᠠᠢ᠃ | ᠮᠠᠤ ᠪᠦᠦ ᠹᠧᠩ ᠶᠠᠷᠢᠶᠠᠨ ᠳᠠᠭᠠᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶᠡᠴᠢ ᠬᠤᠲᠠ ᠪᠣᠯᠤᠭᠰᠠᠨ ᠤ ᠬᠤᠪᠢ ᠳᠤ᠂ ᠣᠯᠠᠨ ᠵᠢᠯ ᠤᠨ ᠲᠤᠷᠰᠢ᠂ ᠬᠥᠬᠡᠬᠤᠲᠠ ᠶᠢᠨ ᠡᠯ᠎ᠡ ᠱᠠᠲᠤᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠢᠳᠡᠪᠬᠢᠲᠡᠶ ᠤᠬᠠᠭᠤᠯᠵᠤ᠂ ᠪᠦᠬᠦ ᠬᠤᠲᠠ ᠶᠢᠨ ᠭᠤᠤᠯ ᠠᠵᠢᠯ ᠪᠣᠯᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢ ᠨᠢᠭᠲᠠ ᠤᠶᠠᠯᠳᠤᠭᠤᠯᠬᠤ ᠶᠢ ᠪᠠᠷᠢᠮᠳᠠᠯᠠᠵᠤ᠂ ᠬᠥᠭᠵᠢᠯᠲᠡ ᠶᠢ | ᠠᠳᠬᠤᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠡᠶ᠎ᠡ ᠵᠣᠬᠢᠴᠠᠯ ᠢ ᠠᠬᠢᠭᠤᠯᠬᠤ ᠳᠤᠮᠳᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠶᠡᠬᠡᠪᠡᠷ ᠠᠬᠢᠭᠤᠯᠵᠤ᠂ ᠪᠦᠬᠦ ᠬᠤᠲᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠡᠷᠡᠮᠡᠬᠡᠶᠢᠯᠡᠨ ᠤᠷᠤᠭᠰᠢᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠦᠭᠵᠢᠯ ᠴᠡᠴᠡᠭᠯᠡᠯ ᠤᠨ ᠯᠤᠲᠤ | ᠶᠡᠭᠡ ᠠᠮᠵᠢᠯᠲᠠ ᠪᠦᠲᠦᠮᠵᠢ ᠶᠢ ᠣᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠭᠡᠷᠡᠯ ᠰᠠᠴᠤᠷᠠᠩᠭᠤᠶ | ᠬᠠᠭᠤᠳᠠᠰᠤ ᠶᠢ ᠪᠢᠴᠢᠭᠯᠡᠵᠡᠶ᠃ ᠣᠯᠠᠨ ᠢᠶᠠᠷ ᠢᠶᠠᠨ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠬᠥᠭ ᠠᠶᠠᠰ ᠢ ᠴᠢᠪᠬᠠᠳᠠᠬᠤ ᠴᠢᠬᠤᠯᠠ ᠭᠠᠷᠳᠠᠴᠠ | ᠪᠣᠯᠭᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠳᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠨ᠂ | ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ | ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠤᠭᠴᠠᠯᠠᠬᠤ᠂ ᠲᠥᠪ ᠬᠤᠲᠠ ᠶᠢᠨ ᠦᠨᠳᠦᠰᠦᠲᠡᠨ ᠤ ᠪᠦᠯᠬᠦᠮᠳᠡᠯ ᠢ | ᠬᠠᠮᠠᠭᠠᠯᠠᠬᠤ ᠂ ᠲᠥᠪ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠬᠦᠯᠬᠦ ᠳᠤ ᠰᠢᠨ᠎ᠡ | ᠠᠭᠤᠷ ᠠᠮᠢᠰᠬᠤᠯ ᠢ ᠪᠤᠢ ᠪᠣᠯᠭᠠᠨ᠂ ᠰᠢᠨ᠎ᠡ ᠪᠠᠶᠢᠳᠠᠯ ᠢ ᠡᠭᠦᠳᠴᠦ᠂ ᠰᠢᠨ᠎ᠡ ᠬᠤᠪᠢ ᠨᠡᠮᠡᠷᠢ ᠦᠵᠡᠭᠦᠯᠰᠦᠭᠡᠢ ᠭᠡᠵᠡᠢ᠃ | | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠠᠵᠢᠯᠲᠠᠨ ᠤ ᠲᠥᠯᠥᠭᠡᠯᠡᠭᠴᠢ ᠠᠵᠢᠯᠯᠠᠭ᠎ᠠ ᠶᠢᠨ ᠲᠤᠬᠠᠶ ᠶᠢᠨ | ᠲᠠᠯᠠᠪᠤᠷ ᠲᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃ | ᠰᠣᠷᠪᠤᠯᠵᠢᠯᠠᠭᠴᠢ ᠯᠢᠦ ᠯᠢ ᠰᠢᠶᠠ |