ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ 9 | ᠰᠠᠷ᠎ᠠ ᠶᠢᠨ19 ᠤ ᠡᠳᠦᠷ᠂ ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢ ᠲᠤᠰᠬᠠᠶ ᠴᠤᠪᠤᠭ᠎ᠠ | ᠲᠡᠷᠭᠡ ᠪᠠᠷ ᠣᠬᠠᠭᠤᠯᠣᠨ ᠲᠠᠨᠢᠯᠴᠠᠭᠤᠯᠬᠤ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠵᠢᠴᠢ | ᠪᠡᠭᠡᠵᠢᠩ ᠤᠨ ᠭᠠᠵᠠᠷ ᠲᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠤᠨ ᠬᠥᠬᠡᠬᠤᠲᠠ ᠶᠢᠨ ᠰᠣᠶᠣᠯ | ᠵᠤᠭᠠᠴᠠᠯ ᠤᠨ ᠨᠠᠷᠠᠲᠤ ᠲᠡᠮᠳᠡᠭᠲᠦ ᠶᠢ ᠲᠤᠰᠬᠠᠶ ᠴᠤᠪᠤᠭ᠎ᠠ ᠲᠡᠷᠭᠡ ᠪᠠᠷ ᠪᠡᠶᠡᠴᠢᠯᠡᠨ ᠣᠶᠢᠯᠠᠭᠠᠬᠤ ᠠᠶᠠᠯᠠᠯ ᠤᠨ | ᠠᠵᠢᠯᠯᠠᠭ᠎ᠠ ᠪᠡᠭᠡᠵᠢᠩ ᠳᠤ ᠶᠠᠪᠤᠭᠳᠠᠪᠠ᠃ ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢᠨ ᠠᠵᠤ | ᠠᠬᠤᠶᠢᠯᠠᠯ ᠤᠨ ᠲᠥᠯᠥᠭᠡᠯᠡᠭᠴᠢ᠂ ᠪᠡᠭᠡᠵᠢᠩ ᠣᠷᠣᠨ ᠤ 50 ᠰᠢᠬᠠᠮ ᠵᠤᠭᠠᠴᠠᠯ ᠤᠨ ᠭᠠᠵᠠᠷ ᠵᠢᠴᠢ ᠬᠤᠯᠪᠣᠭᠳᠠᠯ | ᠪᠥᠬᠦᠶ ᠪᠠᠶᠢᠭᠤᠯᠤᠮᠵᠢ ᠶᠢᠨ ᠬᠠᠷᠢᠭᠤᠴᠠᠯᠭᠠᠳᠠᠨ100 ᠰᠢᠬᠠᠮ ᠬᠥᠮᠦᠨ ᠠᠵᠢᠯᠯᠠᠭ᠎ᠠ ᠳᠤ ᠣᠷᠣᠯᠴᠠᠵᠠᠶ᠃ | ᠲᠤᠰ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠰᠣᠶᠣᠯ ᠵᠤᠭᠠᠴᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ | ᠠᠬᠢᠭᠤᠯᠬᠤ ᠡᠪᠯᠡᠯ᠂ ᠥᠪᠥᠷ ᠮᠣᠩᠭᠤᠯ ᠤᠨ ᠮᠤᠩᠭᠤᠯ ᠡᠳ᠋ ᠤᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠬᠢᠯᠡᠵᠦ᠂ ᠥᠪᠥᠷ ᠮᠣᠩᠭᠤᠯ ᠤᠨ ᠨᠡᠷᠡᠲᠦ ᠲᠡᠮᠳᠡᠭᠲᠦ ᠶᠢᠨ ᠰᠦᠯᠵᠢᠶ᠎ᠡ ᠵᠡᠷᠭᠡ | ᠪᠠᠶᠢᠭᠤᠯᠤᠮᠵᠢ ᠬᠠᠮᠵᠢᠯᠴᠠᠨ ᠡᠷᠬᠢᠯᠡᠪᠡ᠃ ᠲᠤᠰ ᠠᠵᠢᠯᠯᠠᠭ᠎ᠠ ᠶᠢᠨ ᠵᠣᠷᠢᠯᠭ᠎ᠠ ᠨᠢ ᠬᠥᠬᠡᠬᠤᠲᠠ ᠶᠢᠨ ᠰᠣᠶᠣᠯ | ᠵᠤᠭᠠᠴᠠᠯ ᠤᠨ ᠨᠡᠷᠡᠲᠦ ᠲᠡᠮᠳᠡᠭᠲᠦ ᠶᠢᠨ ᠪᠠᠶᠢᠭᠤᠯᠣᠯᠳᠠ ᠶᠢ ᠲᠦᠯᠬᠢᠨ ᠠᠬᠢᠭᠤᠯᠵᠤ᠂ ᠬᠥᠬᠡᠬᠤᠲᠠ ᠶᠢᠨ ᠰᠣᠶᠣᠯ | ᠵᠤᠭᠠᠴᠠᠯ ᠤᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠠᠮᠵᠢᠯᠲᠠ ᠪᠦᠳᠣᠮᠵᠢ ᠶᠢ ᠳᠡᠯᠭᠡᠨ ᠦᠵᠡᠭᠦᠯᠵᠦ᠂ | ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠪᠤᠶᠢᠵᠢᠭᠤᠯᠬᠤ ᠲᠠᠢ | ᠤᠶᠠᠯᠳᠤᠭᠤᠯᠤᠨ᠂ ᠰᠣᠶᠣᠯ ᠵᠤᠭᠠᠴᠠᠯ ᠤᠨ ᠠᠵᠤ ᠠᠬᠤᠶᠢᠯᠠᠯ ᠤᠨ ᠨᠡᠷᠡᠲᠦ ᠲᠡᠮᠳᠡᠭᠲᠦ ᠶᠢᠨ ᠦᠨ᠎ᠡ ᠥᠷᠲᠡᠭ ᠢ | ᠲᠣᠳᠣᠷᠬᠠᠶᠢᠯᠠᠵᠤ᠂ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢᠨ ᠰᠢᠨ᠎ᠡ ᠶᠢ ᠡᠭᠦᠳᠬᠦ ᠵᠢᠴᠢ ᠲᠤᠷᠰᠢᠯᠭ᠎ᠠ | ᠰᠣᠯᠢᠯᠴᠠᠭ᠎ᠠ ᠶᠢ ᠠᠬᠢᠭᠤᠯᠵᠤ᠂ ︽ᠬᠥᠬᠡᠬᠤᠲᠠ ᠵᠢᠨᠵᠤᠭᠠᠴᠠᠯ︾᠂ ︽ᠬᠥᠬᠡᠬᠤᠲᠠ ᠶᠢᠨ ᠰᠣᠶᠣᠯ︾᠂ ︽ᠴᠡᠯᠡᠭᠡᠷ | ᠲᠠᠯ᠎ᠠ ᠶᠢᠨ ᠦᠨᠦᠷ ᠠᠮᠲᠠ︾ ᠵᠡᠷᠭᠡ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠤᠬᠠᠭᠤᠯᠤᠨ | ᠲᠠᠨᠢᠯᠴᠠᠭᠤᠯᠣᠯᠠ᠃ | ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠠᠬᠤᠶ ᠲᠠᠯᠠᠪᠠᠶ ᠳᠤ᠂ ᠬᠥᠬᠡᠬᠤᠲᠠ ᠶᠢᠨ ᠰᠣᠶᠣᠯ | ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠠ ᠭᠤᠤᠯᠳᠠᠯᠭ᠎ᠠ ᠲᠠᠢ ᠰᠣᠶᠣᠯ ᠵᠤᠭᠠᠴᠠᠯᠤᠨ | ᠠᠵᠤ ᠠᠬᠤᠶᠢᠯᠠᠯ ᠤᠨ ᠲᠥᠯᠥᠭᠡᠯᠡᠭᠴᠢ ᠲᠣᠰ ᠲᠣᠰ ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ | ᠲᠡᠮᠳᠡᠭᠲᠦ ᠶᠢᠨ ᠳᠦᠷᠢ ᠲᠥᠷᠬᠦ ᠶᠢᠨ ᠲᠠᠨᠢᠯᠴᠠᠭᠤᠯᠭ᠎ᠠ ᠪᠠ ᠵᠤᠭᠠᠴᠠᠯ ᠤᠨ ᠦᠵᠡᠮᠵᠢ ᠶᠢᠨ ᠣᠷᠣᠨ᠂ | ᠰᠣᠶᠣᠯᠵᠤᠭᠠᠴᠠᠯ ᠤᠨ ᠠᠵᠤ ᠣᠶᠢᠯᠡᠰ ᠵᠢᠴᠢ ᠬᠥᠬᠡᠬᠤᠲᠠ ᠶᠢᠨ ᠵᠤᠭᠠᠴᠠᠯ ᠤᠨ ᠱᠤᠭᠤᠮ ᠤᠨ ᠲᠥᠷᠥ ᠶᠢᠨ | ᠪᠣᠳᠣᠯᠭ᠎ᠠ ᠵᠢᠨᠲ᠋ᠠᠨᠢᠯᠴᠠᠭᠤᠯᠭᠠ ᠬᠢᠪᠠ︔ ︽ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢᠨ | ᠦᠨ᠎ᠡ ᠥᠷᠲᠡᠭ ᠤᠨ ᠦᠨᠡᠯᠡᠯᠲᠡ︾ ᠪᠠ ︽ᠲᠠ ᠪᠣᠯ ᠬᠥᠬᠡᠬᠤᠲᠠ ᠲᠠᠢ ᠬᠤᠪᠢ ᠪᠠᠷᠢᠯᠳᠤᠯᠭ᠎ᠠ ᠲᠠᠢ ᠬᠥᠮᠦᠨ︾ | ᠭᠡᠬᠦ ᠰᠦᠯᠵᠢᠶᠡᠨ ᠤ ᠬᠠᠷᠢᠯᠴᠠᠨ ᠬᠦᠳᠡᠯᠣᠯᠴᠡᠬᠦ ᠱᠠᠩᠨᠠᠯ ᠰᠤᠭᠤᠯᠬᠤ ᠠᠵᠢᠯᠯᠠᠭ᠎ᠠ ᠶᠢ ᠬᠠᠮᠲᠤ ᠪᠠᠷ ᠡᠬᠢᠯᠡᠭᠦᠯᠪᠡ︔ ︽ | ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭ ᠤᠨ ᠲᠤᠰᠬᠠᠶ ᠭᠠᠯᠲᠤ ᠲᠡᠷᠭᠡᠨ ᠤ ᠭᠠᠵᠠᠷ ᠳᠣᠤᠷᠠᠬᠢ | ᠲᠡᠮᠦᠷ ᠵᠠᠮ ᠤᠨ ᠵᠠᠭᠪᠤᠷ︾ ᠢ ᠨᠡᠶᠢᠲᠡᠯᠡᠨ ᠦᠵᠡᠭᠦᠯᠵᠡᠶ᠃ ᠬᠤᠷᠠᠯ ᠤᠨ ᠬᠤᠭᠤᠴᠠᠭᠠᠨ ᠳᠤ᠂ ᠲᠦᠮᠡᠳ ᠵᠡᠭᠦᠨ | ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠳᠠ | ᠭᠠᠷᠭᠠᠵᠤ᠂ ᠬᠤᠷᠠᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠪᠦᠲᠦᠭᠡᠭᠳᠡᠬᠦᠨ ᠢᠶᠠᠨ ᠳᠡᠯᠭᠡᠨ ᠦᠵᠡᠬᠦᠯᠵᠤ᠂ | ᠲᠣᠬᠠᠢ ᠶᠢᠨ ᠲᠠᠯᠠᠪᠤᠷ ᠤᠨ ᠲᠠᠶᠢᠯᠤᠮᠵᠢ ᠬᠢᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠤᠷᠠᠯ ᠳᠤ | ᠣᠷᠣᠯᠴᠠᠭᠰᠠᠳ ᠯᠤᠭ᠎ᠠ ᠬᠠᠮᠳᠤᠷᠠᠯᠴᠠᠭ᠎ᠠ ᠰᠤᠯᠢᠯᠴᠠᠭ᠎ᠠ ᠬᠢᠪᠡ᠃ | http://mongol.people.com.cn/15824907.html |