ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭ ᠢ ᠲᠤᠰᠬᠠᠶ ᠴᠤᠪᠤᠭ᠎ᠠ ᠲᠡᠷᠭᠡ  ᠪᠠᠷ ᠤᠬᠠᠭᠤᠯᠤᠨ ᠲᠠᠨᠢᠯᠴᠠᠭᠤᠯᠬᠤ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2020/9/23
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ 9 ᠰᠠᠷ᠎ᠠ ᠶᠢᠨ19 ᠤ ᠡᠳᠦᠷ᠂ ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭᠲᠦ  ᠶᠢ ᠲᠤᠰᠬᠠᠶ ᠴᠤᠪᠤᠭ᠎ᠠ ᠲᠡᠷᠭᠡ  ᠪᠠᠷ ᠣᠬᠠᠭᠤᠯᠣᠨ ᠲᠠᠨᠢᠯᠴᠠᠭᠤᠯᠬᠤ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠵᠢᠴᠢ ᠪᠡᠭᠡᠵᠢᠩ ᠤᠨ ᠭᠠᠵᠠᠷ ᠲᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠤᠨ ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭᠲᠦ  ᠶᠢ ᠲᠤᠰᠬᠠᠶ ᠴᠤᠪᠤᠭ᠎ᠠ ᠲᠡᠷᠭᠡ  ᠪᠠᠷ ᠪᠡᠶᠡᠴᠢᠯᠡᠨ ᠣᠶᠢᠯᠠᠭᠠᠬᠤ  ᠠᠶᠠᠯᠠᠯ ᠤᠨ ᠠᠵᠢᠯᠯᠠᠭ᠎ᠠ ᠪᠡᠭᠡᠵᠢᠩ ᠳᠤ ᠶᠠᠪᠤᠭᠳᠠᠪᠠ᠃ ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢᠨ ᠠᠵᠤ ᠠᠬᠤᠶᠢᠯᠠᠯ ᠤᠨ ᠲᠥᠯᠥᠭᠡᠯᠡᠭᠴᠢ᠂ ᠪᠡᠭᠡᠵᠢᠩ ᠣᠷᠣᠨ ᠤ 50 ᠰᠢᠬᠠᠮ ᠵᠤᠭᠠᠴᠠᠯ ᠤᠨ ᠭᠠᠵᠠᠷ ᠵᠢᠴᠢ ᠬᠤᠯᠪᠣᠭᠳᠠᠯ ᠪᠥᠬᠦᠶ ᠪᠠᠶᠢᠭᠤᠯᠤᠮᠵᠢ ᠶᠢᠨ ᠬᠠᠷᠢᠭᠤᠴᠠᠯᠭᠠᠳᠠᠨ100 ᠰᠢᠬᠠᠮ ᠬᠥᠮᠦᠨ ᠠᠵᠢᠯᠯᠠᠭ᠎ᠠ ᠳᠤ ᠣᠷᠣᠯᠴᠠᠵᠠᠶ᠃    ᠲᠤᠰ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠰᠣᠶᠣᠯ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠡᠪᠯᠡᠯ᠂ ᠥᠪᠥᠷ ᠮᠣᠩᠭᠤᠯ ᠤᠨ ᠮᠤᠩᠭᠤᠯ ᠡᠳ᠋ ᠤᠨ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠬᠢᠯᠡᠵᠦ᠂ ᠥᠪᠥᠷ ᠮᠣᠩᠭᠤᠯ ᠤᠨ ᠨᠡᠷᠡᠲᠦ ᠲᠡᠮᠳᠡᠭᠲᠦ ᠶᠢᠨ ᠰᠦᠯᠵᠢᠶ᠎ᠡ ᠵᠡᠷᠭᠡ ᠪᠠᠶᠢᠭᠤᠯᠤᠮᠵᠢ ᠬᠠᠮᠵᠢᠯᠴᠠᠨ ᠡᠷᠬᠢᠯᠡᠪᠡ᠃ ᠲᠤᠰ ᠠᠵᠢᠯᠯᠠᠭ᠎ᠠ ᠶᠢᠨ ᠵᠣᠷᠢᠯᠭ᠎ᠠ ᠨᠢ ᠬᠥᠬᠡᠬᠤᠲᠠ ᠶᠢᠨ ᠰᠣᠶᠣᠯ ᠵᠤᠭᠠᠴᠠᠯ ᠤᠨ ᠨᠡᠷᠡᠲᠦ ᠲᠡᠮᠳᠡᠭᠲᠦ ᠶᠢᠨ ᠪᠠᠶᠢᠭᠤᠯᠣᠯᠳᠠ ᠶᠢ ᠲᠦᠯᠬᠢᠨ ᠠᠬᠢᠭᠤᠯᠵᠤ᠂ ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠠᠮᠵᠢᠯᠲᠠ  ᠪᠦᠳᠣᠮᠵᠢ ᠶᠢ ᠳᠡᠯᠭᠡᠨ ᠦᠵᠡᠭᠦᠯᠵᠦ᠂ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠪᠤᠶᠢᠵᠢᠭᠤᠯᠬᠤ ᠲᠠᠢ ᠤᠶᠠᠯᠳᠤᠭᠤᠯᠤᠨ᠂ ᠰᠣᠶᠣᠯ ᠵᠤᠭᠠᠴᠠᠯ ᠤᠨ ᠠᠵᠤ ᠠᠬᠤᠶᠢᠯᠠᠯ ᠤᠨ ᠨᠡᠷᠡᠲᠦ ᠲᠡᠮᠳᠡᠭᠲᠦ ᠶᠢᠨ ᠦᠨ᠎ᠡ ᠥᠷᠲᠡᠭ ᠢ ᠲᠣᠳᠣᠷᠬᠠᠶᠢᠯᠠᠵᠤ᠂ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢᠨ ᠰᠢᠨ᠎ᠡ ᠶᠢ ᠡᠭᠦᠳᠬᠦ ᠵᠢᠴᠢ ᠲᠤᠷᠰᠢᠯᠭ᠎ᠠ  ᠰᠣᠯᠢᠯᠴᠠᠭ᠎ᠠ ᠶᠢ ᠠᠬᠢᠭᠤᠯᠵᠤ᠂ ︽ᠬᠥᠬᠡᠬᠤᠲᠠ ᠵᠢᠨ‌ᠵᠤᠭᠠᠴᠠᠯ︾᠂ ︽ᠬᠥᠬᠡᠬᠤᠲᠠ ᠶᠢᠨ ᠰᠣᠶᠣᠯ︾᠂ ︽ᠴᠡᠯᠡᠭᠡᠷ ᠲᠠᠯ᠎ᠠ ᠶᠢᠨ ᠦᠨᠦᠷ ᠠᠮᠲᠠ︾ ᠵᠡᠷᠭᠡ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠤᠬᠠᠭᠤᠯᠤᠨ  ᠲᠠᠨᠢᠯᠴᠠᠭᠤᠯᠣᠯ᠎ᠠ᠃    ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠠᠬᠤᠶ ᠲᠠᠯᠠᠪᠠᠶ ᠳᠤ᠂ ᠬᠥᠬᠡᠬᠤᠲᠠ ᠶᠢᠨ ᠰᠣᠶᠣᠯ ᠵᠤᠭᠠᠴᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠭᠤᠴᠠᠯᠭᠠᠲᠠᠨ ᠪᠠ ᠭᠤᠤᠯᠳᠠᠯᠭ᠎ᠠ ᠲᠠᠢ ᠰᠣᠶᠣᠯ  ᠵᠤᠭᠠᠴᠠᠯ‌‍ᠤᠨ ᠠᠵᠤ ᠠᠬᠤᠶᠢᠯᠠᠯ ᠤᠨ ᠲᠥᠯᠥᠭᠡᠯᠡᠭᠴᠢ ᠲᠣᠰ ᠲᠣᠰ ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢᠨ ᠲᠠᠨᠢᠯᠴᠠᠭᠤᠯᠭ᠎ᠠ ᠪᠠ ᠵᠤᠭᠠᠴᠠᠯ ᠤᠨ ᠦᠵᠡᠮᠵᠢ ᠶᠢᠨ ᠣᠷᠣᠨ᠂ ᠰᠣᠶᠣᠯ‌ᠵᠤᠭᠠᠴᠠᠯ ᠤᠨ ᠠᠵᠤ  ᠣᠶᠢᠯᠡᠰ ᠵᠢᠴᠢ ᠬᠥᠬᠡᠬᠤᠲᠠ ᠶᠢᠨ ᠵᠤᠭᠠᠴᠠᠯ ᠤᠨ ᠱᠤᠭᠤᠮ ᠤᠨ ᠲᠥᠷᠥ ᠶᠢᠨ ᠪᠣᠳᠣᠯᠭ᠎ᠠ ᠵᠢᠨ‌‍ᠲ᠋ᠠᠨᠢᠯᠴᠠᠭᠤᠯᠭ᠎ᠠ ᠬᠢᠪᠠ︔ ︽ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢᠨ ᠦᠨ᠎ᠡ ᠥᠷᠲᠡᠭ ᠤᠨ ᠦᠨᠡᠯᠡᠯᠲᠡ︾ ᠪᠠ ︽ᠲᠠ ᠪᠣᠯ ᠬᠥᠬᠡᠬᠤᠲᠠ ᠲᠠᠢ ᠬᠤᠪᠢ ᠪᠠᠷᠢᠯᠳᠤᠯᠭ᠎ᠠ ᠲᠠᠢ ᠬᠥᠮᠦᠨ︾ ᠭᠡᠬᠦ ᠰᠦᠯᠵᠢᠶᠡᠨ ᠤ ᠬᠠᠷᠢᠯᠴᠠᠨ ᠬᠦᠳᠡᠯᠣᠯᠴᠡᠬᠦ ᠱᠠᠩᠨᠠᠯ ᠰᠤᠭᠤᠯᠬᠤ ᠠᠵᠢᠯᠯᠠᠭ᠎ᠠ ᠶᠢ ᠬᠠᠮᠲᠤ ᠪᠠᠷ ᠡᠬᠢᠯᠡᠭᠦᠯᠪᠡ︔ ︽ᠬᠥᠬᠡᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭ ᠤᠨ ᠲᠤᠰᠬᠠᠶ ᠭᠠᠯᠲᠤ ᠲᠡᠷᠭᠡᠨ ᠤ ᠭᠠᠵᠠᠷ ᠳᠣᠤᠷᠠᠬᠢ ᠲᠡᠮᠦᠷ ᠵᠠᠮ ᠤᠨ ᠵᠠᠭᠪᠤᠷ︾ ᠢ ᠨᠡᠶᠢᠲᠡᠯᠡᠨ ᠦᠵᠡᠭᠦᠯᠵᠡᠶ᠃ ᠬᠤᠷᠠᠯ ᠤᠨ ᠬᠤᠭᠤᠴᠠᠭᠠᠨ ᠳᠤ᠂ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠳᠠ ᠭᠠᠷᠭᠠᠵᠤ᠂ ᠬᠤᠷᠠᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠪᠦᠲᠦᠭᠡᠭᠳᠡᠬᠦᠨ ᠢᠶᠠᠨ ᠳᠡᠯᠭᠡᠨ  ᠦᠵᠡᠬᠦᠯᠵᠤ᠂ ᠲᠣᠬᠠᠢ ᠶᠢᠨ ᠲᠠᠯᠠᠪᠤᠷ ᠤᠨ ᠲᠠᠶᠢᠯᠤᠮᠵᠢ ᠬᠢᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠤᠷᠠᠯ ᠳᠤ ᠣᠷᠣᠯᠴᠠᠭᠰᠠᠳ ᠯᠤᠭ᠎ᠠ ᠬᠠᠮᠳᠤᠷᠠᠯᠴᠠᠭ᠎ᠠ ᠰᠤᠯᠢᠯᠴᠠᠭ᠎ᠠ ᠬᠢᠪᠡ᠃http://mongol.people.com.cn/15824907.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ