ᠢᠦᠶ ᠴᠢᠤᠸᠠᠨ ᠲᠣᠭᠤᠷᠢᠭ ᠤᠨ ᠣᠶᠣᠨᠳᠤ ᠴᠠᠭᠳᠠᠭᠤᠯ ᠤᠨ ᠴᠠᠭᠳᠠᠭ᠎ᠠ ᠶᠢᠨ ᠶᠠᠪᠤᠳᠠᠯ ᠤᠨ ᠰᠢᠰᠲ᠋ᠧᠮ ᠨᠢ ᠰᠦᠯᠵᠢᠶ᠎ᠡ ᠨᠡᠪᠳᠡᠷᠡᠭᠰᠡᠨ ᠨᠢᠭᠡ ᠵᠢᠯ ᠳᠤ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2020/9/24
   ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶  ᠦᠴᠦᠭᠡᠳᠤᠷ᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠣᠶᠣᠨᠳᠤ ᠴᠠᠭᠳᠠᠭᠤᠯ ᠤᠨ ᠴᠠᠭᠳᠠᠭ᠎ᠠ ᠶᠢᠨ ᠶᠠᠪᠣᠳᠠᠯ ᠤᠨ ᠰᠢᠰᠲ᠋ᠧᠮ ᠰᠦᠯᠵᠢᠶ᠎ᠡ ᠨᠡᠪᠳᠡᠷᠡᠭᠡᠳ ᠨᠢᠭᠡᠨᠲᠡ ᠪᠦᠬᠦᠯᠢ ᠨᠢᠭᠡ ᠵᠢᠯ ᠪᠣᠯᠵᠤ᠂ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠢᠦᠶ ᠴᠢᠤᠸᠠᠨ ᠲᠣᠭᠤᠷᠢᠭ ᠤᠨ ᠵᠠᠮ ᠨᠡᠪᠲᠡᠷᠡᠯᠭᠡ ᠶᠢᠨ ᠬᠠᠮᠢᠶᠠᠷᠤᠯᠲᠠ ᠶᠢᠨ ᠶᠡᠭᠡ ᠠᠩᠭᠢ ᠬᠠᠮᠳᠣᠷᠠᠨ ︽ᠣᠶᠣᠨᠳᠤ ᠴᠠᠭᠳᠠᠭᠤᠯ ᠤᠨ ᠴᠠᠭᠳᠠᠭ᠎ᠠ ᠶᠢᠨ ᠶᠠᠪᠣᠳᠠᠯ ᠤᠨ ᠰᠢᠰᠲ᠋ᠧᠮ ᠤᠨ ᠠᠵᠢᠯ ᠤᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠵᠢᠴᠢ ᠣᠶᠣᠨᠳᠤ ᠴᠠᠭᠳᠠᠭᠤᠯ ᠤᠨ ᠰᠢᠰᠲ᠋ᠧᠮ ᠤᠨ ᠳᠡᠰ ᠳᠡᠪᠰᠢᠬᠦ ᠰᠤᠳᠤᠯᠭᠠᠨ ᠤ  ᠶᠠᠷᠢᠯᠴᠠᠬᠤ ᠬᠤᠷᠠᠯ︾ ᠬᠢᠵᠦ᠂ ᠣᠶᠣᠨᠳᠤ ᠴᠠᠭᠳᠠᠭᠤᠯ ᠤᠨ ᠴᠠᠭᠳᠠᠭ᠎ᠠ ᠶᠢᠨ ᠶᠠᠪᠣᠳᠠᠯ ᠤᠨ ᠰᠢᠰᠲ᠋ᠧᠮ  ᠤᠨ ᠬᠡᠷᠡᠭᠯᠡᠭᠡᠨ ᠤ ᠦᠷ᠎ᠡ ᠪᠦᠲᠦᠭᠡᠯ ᠢ ᠳᠡᠯᠭᠡᠨ ᠦᠵᠡᠬᠦᠯᠬᠦ ᠶᠢᠨ ᠬᠠᠮᠲᠤ᠂ ᠣᠶᠢᠷ᠎ᠠ ᠶᠢᠨ ᠨᠢᠭᠡ ᠵᠢᠯ ᠳᠤ ᠪᠣᠳᠠᠲᠠᠶ ᠬᠡᠷᠡᠭᠯᠡᠭᠰᠡᠨ ᠳ᠋ᠦᠩᠨᠡᠯᠲᠡ ᠶᠢᠨ ᠰᠠᠭᠤᠷᠢᠨ ᠳᠡᠭᠡᠷ᠎ᠡ ᠂ ᠣᠶᠣᠨᠳᠤ ᠴᠠᠭᠳᠠᠭᠤᠯ ᠤᠨ ᠴᠠᠭᠳᠠᠭ᠎ᠠ ᠶᠢᠨ ᠶᠠᠪᠣᠳᠠᠯ ᠤᠨ ᠰᠢᠰᠲ᠋ᠧᠮ ᠢ ᠲᠠᠰ ᠳᠡᠪᠰᠢᠭᠦᠯᠬᠦ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃  ᠬᠠᠯᠦ᠋ᠸᠧ ᠠᠶᠠᠯᠠᠯ ᠤᠨ ᠣᠶᠣᠨᠳᠤ ᠴᠠᠭᠳᠠᠭᠤᠯ ᠤᠨ ᠲᠥᠷᠥᠯ ᠵᠦᠢᠯ ᠤᠨ ᠬᠠᠷᠢᠭᠤᠴᠠᠯᠭᠠᠲᠠᠨ ᠠᠴᠠ ᠰᠢᠰᠲ᠋ᠧᠮ ᠤᠨ ᠳᠡᠰ ᠳᠡᠪᠰᠢᠯᠲᠡ ᠶᠢ ᠰᠤᠳᠤᠯᠤᠨ ᠨᠡᠭᠡᠭᠡᠬᠦ ᠬᠡᠷᠡᠭᠴᠡᠭᠡ ᠱᠠᠭᠠᠷᠳᠠᠯᠭ᠎ᠠ ᠶᠢᠨ ᠲᠤᠬᠠᠢ  ᠲᠣᠭᠲᠠᠭᠠᠭᠰᠠᠨ ᠰᠢᠢᠳᠪᠣᠷᠢᠯᠡᠬᠦ ᠲᠥᠰᠦᠯ ᠢ ᠨᠠᠷᠢᠨ ᠲᠠᠨᠢᠯᠴᠠᠭᠤᠯᠵᠤ᠂ ᠴᠠᠭᠳᠠᠭ᠎ᠠ ᠪᠠ ᠠᠵᠤ ᠠᠬᠤᠶᠢᠯᠠᠯ ᠤᠨ ᠬᠠᠮᠳᠣᠷᠠᠯᠴᠠᠭ᠎ᠠ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠴᠢᠳᠠᠪᠬᠢ ᠶᠢ ᠳᠡᠰ ᠳᠡᠪᠰᠢᠭᠦᠯᠵᠦ᠂ ᠢᠦᠢ ᠴᠢᠤᠸᠠᠨ ᠲᠣᠭᠤᠷᠢᠭ ᠤᠨ ᠵᠠᠮ ᠨᠡᠪᠲᠡᠷᠡᠯᠭᠡ ᠵᠢᠨ‌ᠬᠠᠮᠢᠶᠠᠷᠣᠯᠳᠠ ᠵᠢᠨ‌‍ᠶᠡᠭᠡ ᠠᠩᠬᠢ ᠶᠢᠨ ᠰᠢᠨᠵᠢᠯᠡᠬᠦ ᠤᠬᠠᠭᠠᠨᠴᠢ᠂  ᠪᠦᠳᠦᠮᠵᠢ ᠰᠠᠶᠢᠲᠠᠢ ᠵᠠᠮ ᠨᠡᠪᠲᠡᠷᠡᠯᠭᠡ ᠶᠢᠨ ᠬᠠᠮᠢᠶᠠᠷᠣᠯᠳᠠ ᠶᠢᠨ ᠠᠵᠢᠯ ᠳᠤ ᠬᠦᠴᠦᠨ ᠨᠡᠮᠡᠷᠢᠯᠡᠨ᠎ᠡ  ᠭᠡᠵᠡᠢ᠃    ᠣᠶᠢᠯᠠᠭᠠᠭᠰᠠᠨ ᠢᠶᠠᠷ᠂ ᠢᠦᠶ ᠴᠢᠤᠸᠠᠨ ᠲᠣᠭᠤᠷᠢᠭ ᠤᠨ ᠵᠠᠮ ᠨᠡᠪᠲᠡᠷᠡᠯᠭᠡ ᠵᠢᠨ‌ᠬᠠᠮᠢᠶᠠᠷᠤᠯᠲᠠ ᠶᠢᠨ ᠶᠡᠭᠡ ᠠᠩᠭᠢ ᠨᠢᠳᠤᠨᠤᠨ ᠠᠴᠠ ᠣᠶᠣᠨᠳᠤ ᠴᠠᠭᠳᠠᠭᠤᠯ ᠤᠨ ᠴᠠᠭᠳᠠᠭ᠎ᠠ ᠶᠢᠨ ᠶᠠᠪᠣᠳᠠᠯ ᠤᠨ ᠰᠢᠰᠲ᠋ᠧᠮ ᠢ ᠰᠦᠯᠵᠢᠶ᠎ᠡ ᠪᠠᠷ ᠬᠡᠷᠡᠭᠯᠡᠵᠦ᠂ ᠰᠢᠰᠲ᠋ᠧᠮ ᠨᠢ ᠬᠠᠯᠦ᠋ᠸᠧ ᠴᠠᠭᠳᠠᠭᠠᠨ ᠤ ᠲᠣᠰᠠᠯᠠᠮᠵᠢ ᠶᠢᠨ ᠲᠡᠷᠭᠡ᠂ ᠠᠷᠠᠳ ᠤᠨ ᠴᠠᠭᠳᠠᠭ᠎ᠠ ᠶᠢᠨ ᠭᠠᠷ ᠤᠲᠠᠰᠤ᠂ ᠵᠠᠮ ᠳᠡᠭᠡᠷᠡᠬᠢ ᠬᠢᠨᠠᠨ ᠡᠵᠡᠮᠳᠡᠬᠦ  ᠸᠢᠳᠢᠣ᠋᠂ ᠰᠢᠯᠵᠢᠮᠡᠯ ᠴᠠᠭᠳᠠᠭᠠᠨ ᠤ ᠶᠠᠪᠤᠳᠠᠯ ‍ᠤᠨ‌ᠦᠵᠦᠬᠦᠷᠯᠢᠭ ︵LTE ᠶᠠᠷᠢᠯᠴᠠᠭᠤᠷ︶ ᠵᠡᠷᠭᠡ ᠣᠯᠠᠨ ᠵᠣᠶᠢᠯ ᠤᠨ ᠪᠠᠶᠢᠷᠢ ᠲᠣᠭᠲᠠᠭᠠᠯᠲᠠ ᠶᠢᠨ ᠬᠡᠯᠪᠡᠷᠢ ᠪᠠᠷ ᠳᠠᠮᠵᠢᠨ᠂ ᠵᠢᠯᠣᠭᠤᠳᠤᠨ ᠲᠣᠬᠢᠷᠠᠭᠤᠯᠬᠤ ᠠᠵᠢᠯ ‍ᠤᠨ‌ᠦᠵᠡᠭᠳᠡᠮᠡᠯ ᠵᠢᠯᠣᠭᠤᠳᠣᠯᠭ᠎ᠠ ᠶᠢ ᠪᠡᠶᠡᠯᠡᠭᠦᠯᠪᠡ᠃ ᠤᠶᠤᠨᠲᠤ ᠴᠠᠭᠳᠠᠭᠤᠯ ᠤᠨ ᠠᠵᠢᠯ ᠤᠨ ᠰᠢᠰᠲ᠋ᠧᠮ ᠰᠦᠯᠵᠢᠶᠡᠨ ᠳᠤ ᠨᠡᠪᠳᠡᠷᠡᠭᠰᠡᠨ ᠨᠢᠭᠡ ᠵᠢᠯ ᠤᠨ ᠲᠤᠷᠰᠢ ᠢᠯᠡᠳᠳᠡ ᠦᠷ᠎ᠡ ᠪᠦᠲᠦᠮᠵᠢ ᠣᠯᠵᠠᠶ᠃ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ ᠢᠦᠶ ᠴᠢᠤᠸᠠᠨ ᠲᠣᠭᠤᠷᠢᠭ ᠤᠨ ᠵᠠᠮ ᠨᠡᠪᠲᠡᠷᠡᠯᠭᠡ ᠵᠢᠨ‌‍ᠲ᠋ᠦ᠋ᠭᠵᠢᠷᠡᠯ ᠤᠨ ᠵᠢᠭᠠᠯᠲᠠ ᠲᠤᠭ᠎ᠠ 10%-15 ᠪᠠᠷ ᠲᠣᠷᠣᠭᠰᠢᠯᠠᠵᠤ᠂ ᠭᠤᠣᠯ ᠨᠢ ᠡᠷᠲᠡ ᠣᠷᠣᠢ ᠶᠢᠨ ᠣᠷᠭᠢᠯ ᠤᠨ ᠦᠶ᠎ᠡ ᠶᠢᠨ ᠴᠠᠭ ᠨᠢ ᠳᠤᠮᠳᠠᠴᠢ ᠪᠠᠷ 25-30 ᠮᠢᠨᠦ᠋ᠲ ᠪᠠᠭᠠᠰᠴᠤ᠂ ᠵᠠᠮ ᠨᠡᠪᠲᠡᠷᠡᠯᠭᠡ ᠶᠢᠨ ᠳᠠᠷᠤᠯᠲᠠ ᠶᠢ ᠶᠡᠬᠡᠪᠡᠷ  ᠬᠥᠩᠭᠡᠷᠡᠭᠦᠯᠵᠦ᠂ ᠬᠤᠲᠠ ᠶᠢᠨ ᠠᠷᠠᠳ ᠤᠨ ᠶᠠᠪᠤᠵᠤ ᠰᠠᠭᠤᠬᠤ ᠬᠤᠷᠳᠤᠴᠠ ᠶᠢ ᠳᠡᠭᠡᠭᠰᠢᠯᠡᠭᠦᠯᠪᠡ︔ ᠴᠠᠭᠳᠠᠭᠠᠨ ᠤ ᠬᠦᠴᠦᠨ ᠴᠢᠳᠠᠯ ᠢ 75% ᠪᠠᠷ ᠳᠡᠭᠡᠭᠰᠢᠯᠡᠭᠦᠯᠵᠦ᠂ ᠠᠳᠡᠯ ᠤᠨ ᠱᠤᠭᠤᠮ ᠳᠡᠭᠡᠷᠡᠬᠢ ᠲᠦᠷᠭᠡᠨ ᠰᠢᠢᠳᠪᠣᠷᠢᠯᠡᠬᠦ ᠨᠣᠷᠮ᠎ᠠ 75% ᠪᠠᠷ ᠳᠡᠭᠡᠭᠰᠢᠯᠡᠵᠦ᠂ ᠠᠳᠡᠯ ᠤᠨ ᠲᠠᠰᠤᠭ ᠤᠨ ᠠᠷᠠᠳ ᠤᠨ ᠴᠠᠭᠳᠠᠭ᠎ᠠ ᠶᠢᠨ ᠭᠠᠷᠬᠤ ᠨᠣᠷᠮ᠎ᠠ 50% ᠪᠠᠷ ᠪᠠᠭᠤᠷᠠᠵᠠᠶ᠃ ᠡᠨᠡ ᠨᠢ ᠠᠳᠡᠯ ᠤᠨ ᠲᠠᠰᠤᠭ ᠤᠨ ᠴᠠᠭᠳᠠᠭ᠎ᠠ ᠶᠢᠨ ᠡᠳᠦᠷ ᠪᠦᠷᠢ 10 ᠠᠴᠠ 15 ᠤᠳᠠᠭ᠎ᠠ  ᠴᠦᠬᠡᠷᠡᠭᠰᠡᠨ ᠢ ᠬᠠᠷᠠᠭᠤᠯᠵᠤ ᠪᠤᠶ᠃ ᠤᠳᠠᠭ᠎ᠠ ᠪᠦᠷᠢ ᠶᠢᠨ ᠠᠳᠡᠯ ᠢ ᠰᠢᠢᠳᠪᠣᠷᠢᠯᠡᠬᠦ  ᠴᠠᠭ ᠶᠢ 10 — 20 ᠮᠢᠨᠦ᠋ᠲ ᠪᠣᠯᠭᠠᠨ ᠪᠣᠭᠤᠨᠢᠰᠬᠠᠵᠤ᠂ ᠴᠠᠭᠳᠠᠭ᠎ᠠ ᠶᠢᠨ ᠭᠠᠷᠬᠤ ᠨᠣᠷᠮ᠎ᠠ ᠳᠣᠷᠣᠭᠰᠢᠯᠠᠭᠰᠠᠨ ᠨᠢ ᠢᠦᠶ ᠴᠢᠤᠸᠠᠨ ᠲᠣᠭᠤᠷᠢᠭ ᠤᠨ ᠵᠠᠮ ᠨᠡᠪᠲᠡᠷᠡᠯᠭᠡ ᠵᠢᠨ‌ᠬᠠᠮᠢᠶᠠᠷᠣᠯᠳᠠ ᠶᠢᠨ ᠠᠵᠢᠯ ᠤᠨ ᠦᠷ᠎ᠡ ᠠᠰᠢᠭ ᠢ ᠨᠡᠮᠡᠭᠳᠡᠭᠦᠯᠵᠡᠢ᠃ ᠪᠦᠷᠢᠳᠬᠡᠯ ᠳᠤ ᠢᠯᠡᠷᠡᠭᠦᠯᠦᠭᠰᠡᠨ ᠢᠶᠠᠷ᠂ ᠤᠶᠤᠨᠲᠤ ᠴᠠᠭᠳᠠᠭᠤᠯ ᠤᠨ ᠰᠢᠰᠲ᠋ᠧᠮ ᠰᠦᠯᠵᠢᠶᠡᠨ ᠳᠡᠭᠡᠷ᠎ᠡ 15 ᠰᠠᠷ᠎ᠠ ᠳᠤ ᠰᠢᠲᠠᠭᠠᠯᠭ᠎ᠠ ᠶᠢᠨ ᠲᠣᠰᠣᠨ ᠤ ᠵᠠᠷᠤᠳᠠᠯ ᠢ ᠨᠡᠶᠢᠲᠡ 31 ᠲᠦᠮᠡᠨ ᠲᠥᠭᠦᠷᠢᠭ ᠣᠷᠴᠢᠮ ᠠᠷᠪᠢᠯᠠᠪᠠ᠃http://mongol.people.com.cn/15825051.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号