ᠬᠤᠷᠢᠨᠭᠡᠷ ᠰᠢᠨ᠎ᠡ ᠲᠣᠭᠤᠷᠢᠭ ᠤᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ ᠵᠢᠩᠬᠢᠨᠢ ᠪᠠᠷ ᠠᠵᠢᠯᠯᠠᠵᠤ ᠡᠬᠢᠯᠡᠪᠡ
ᠨᠡᠶᠢᠲᠡᠯᠡᠭᠰᠡᠨ ᠴᠠᠭ᠄
2020/9/24
       ︵ᠰᠤᠷᠪᠤᠯᠵᠢᠯᠠᠭᠴᠢ ᠯᠢᠦ ᠯᠢ ᠰᠢᠶᠠ︶ 9 ᠳ᠋ᠦ᠋ᠭᠡᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ ᠠᠵᠢᠯ ᠡᠬᠢᠯᠡᠬᠦ ᠶᠣᠰᠣᠯᠠᠯ ᠬᠢᠪᠡ᠂ ᠡᠨᠡ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠣᠳᠣᠬᠢᠴᠢᠯᠠᠭᠰᠠᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢᠶᠠᠷ ᠪᠦᠲᠦᠭᠡᠨ ᠪᠠᠶᠢᠭᠤᠯᠤᠭᠰᠠᠨ ᠳᠡᠭᠡᠳᠦ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠵᠢᠩᠬᠢᠨᠢ ᠪᠠᠷ ᠠᠵᠢᠯᠯᠠᠵᠤ ᠡᠬᠢᠯᠡᠭᠰᠡᠨ ᠢ ᠬᠠᠷᠠᠭᠤᠯᠵᠤ ᠪᠠᠶᠢᠨ᠎ᠠ᠃       ᠤᠶᠢᠯᠠᠭᠠᠭᠰᠠᠨ ᠢᠶᠠᠷ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠵᠢᠴᠢ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠰᠢᠨ᠎ᠡ ᠲᠣᠭᠤᠷᠢᠭ ᠲᠤ ᠨᠤᠲᠤᠭᠰᠢᠭᠰᠠᠨ ᠳᠠᠷᠤᠢ ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠪᠦᠲᠦᠮᠵᠢ ᠣᠯᠵᠤ ᠳᠡᠶᠢᠯᠬᠦ ᠦᠭᠡᠢ᠂ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠤᠷᠲᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠬᠢᠨ ᠲᠡᠷᠢᠭᠦᠨ ᠤ ᠭᠠᠵᠠᠷ ᠣᠷᠣᠨ ᠤ ᠪᠣᠯᠪᠠᠰᠤᠷᠠᠭᠰᠠᠨ ᠲᠤᠷᠰᠢᠯᠭ᠎ᠠ ᠪᠠ ᠲᠡᠷᠢᠭᠦᠨ ᠤ ᠬᠢᠳᠡᠯ ᠢ ᠵᠢᠭᠡᠯᠡᠨ ᠲᠣᠯᠢᠯᠠᠭᠰᠠᠨ ᠰᠠᠭᠤᠷᠢᠨ ᠳᠡᠭᠡᠷ᠎ᠡ᠂ ᠣᠶᠤᠨᠲᠤ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠠᠵᠤ ᠠᠬᠤᠶᠢᠯᠠᠯ ᠤᠨ ᠰᠢᠭᠤᠳ ᠣᠷᠣᠵᠤ ᠰᠠᠭᠤᠬᠤ᠂ ᠴᠥᠭᠡᠬᠡᠨ ᠬᠥᠷᠥᠩᠭᠡ ᠪᠠᠷ ᠠᠵᠢᠯᠯᠠᠬᠤ᠂ ᠳᠠᠷᠤᠢ ᠲᠦᠷᠭᠡᠨ ᠠᠰᠢᠭᠯᠠᠯᠲᠠ ᠳᠤ ᠣᠷᠣᠭᠤᠯᠬᠤ᠂ ᠠᠯᠢ ᠬᠤᠷᠳᠤᠨ ᠢᠶᠠᠷ ᠲᠣᠮᠣᠷᠠᠵᠤ ᠬᠦᠴᠦᠷᠬᠡᠭᠵᠢᠬᠦ ᠱᠠᠭᠠᠷᠳᠠᠯᠭ᠎ᠠ ᠶᠢ ᠬᠠᠩᠭᠠᠬᠤ ᠠᠵᠤ ᠦᠢᠯᠡᠰ ᠤᠨ ᠠᠴᠢᠶᠠᠯᠠᠪᠤᠷᠢ ᠶᠢᠨ ᠲᠠᠪᠴᠠᠩ ᠬᠢᠭᠡᠳ ᠬᠥᠭᠵᠢᠯᠲᠡ ᠶᠢᠨ ᠠᠮᠢ ᠠᠬᠤᠢ ᠶᠢ ᠪᠤᠢ ᠪᠣᠯᠭᠠᠬᠤ ᠶᠢ ᠵᠣᠷᠢᠵᠠᠢ᠃ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ ᠨᠢ ᠰᠢᠨ᠎ᠡ ᠲᠣᠭᠤᠷᠢᠭ ᠤᠨ ᠳᠡᠭᠡᠳᠦ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠲᠥᠪᠯᠡᠷᠡᠭᠦᠯᠦᠭᠰᠡᠨ ᠴᠢᠬᠤᠯᠠ ᠲᠠᠪᠴᠠᠩ ᠪᠣᠯᠣᠭᠰᠠᠨ ᠤ ᠬᠤᠪᠢ ᠳᠤ᠂ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠷᠢᠯᠳᠦᠭᠦᠯᠵᠦ᠂ ᠠᠵᠤ ᠠᠬᠤᠶᠢᠯᠠᠯ ᠤᠨ ᠳᠠᠷᠤᠢ ᠲᠦᠷᠭᠡᠨ ᠲᠣᠮᠣᠷᠠᠨ ᠬᠦᠴᠦᠷᠬᠡᠭᠵᠢᠬᠦ ᠶᠢ ᠳᠠᠮᠵᠢᠭ᠍ᠰᠡᠨ ᠪᠣᠳᠠᠲᠠᠢ ᠠᠵᠢᠯᠯᠠᠭ᠎ᠠ ᠮᠥᠨ᠃ ᠠᠵᠤ ᠦᠢᠯᠡᠰ ᠤᠨ ᠬᠦᠷᠢᠶᠡᠯᠡᠩ ᠨᠢ  ᠤᠳᠤ ᠦᠶ᠎ᠡ ᠶᠢᠨ ᠪᠠᠷᠢᠮᠵᠢᠶᠠᠵᠢᠭᠰᠠᠨ ᠦᠢᠯᠡᠳᠪᠦᠷᠢ ᠶᠢᠨ ᠲᠠᠰᠤᠭ ᠪᠠ ᠲᠡᠭᠦᠯᠳᠡᠷᠵᠢᠭᠰᠡᠨ ᠦᠢᠯᠡᠴᠢᠯᠡᠭᠡ ᠶᠢᠨ ᠢᠵᠢ ᠪᠦᠷᠢᠳᠦᠭᠰᠡᠨ ᠲᠣᠨᠤᠭ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠪᠠᠷ ᠭᠠᠷᠳᠠᠴᠠ ᠪᠣᠯᠭᠠᠨ᠂ ᠨᠤᠲᠤᠭᠰᠢᠬᠤ ᠠᠵᠤ ᠠᠬᠤᠶᠢᠯᠠᠯ ᠳᠤ ︽ᠴᠥᠭᠡᠬᠡᠨ ᠬᠥᠷᠥᠩᠭᠡ ᠪᠠᠷ ᠠᠵᠢᠯᠯᠠᠬᠤ᠂ ᠰᠢᠭᠤᠳ ᠤᠷᠤᠵᠤ ᠰᠠᠭᠤᠬᠤ᠂ ᠠᠰᠠᠷᠠᠭᠴᠢ ᠮᠠᠶ᠋ᠢᠭ ᠤᠨ ᠦᠢᠯᠡᠴᠢᠯᠡᠭᠡ︾ ᠶᠢᠨ ᠣᠷᠣᠨ ᠵᠠᠢ ᠲᠠᠯᠠᠪᠤᠷ ᠭᠠᠵᠠᠷ ᠬᠠᠩᠭᠠᠵᠤ᠂ ᠠᠵᠤ ᠠᠬᠤᠶᠢᠯᠠᠯ ᠤᠨ ᠨᠤᠲᠤᠭᠰᠢᠨ ᠬᠥᠭᠵᠢᠬᠦ ᠶᠢ ᠲᠠᠲᠠᠨ᠂ ᠨᠢᠭᠡᠨ ︽ᠰᠢᠭᠤᠳ ᠣᠷᠣᠨ ᠰᠠᠭᠤᠬᠤ᠂ ᠲᠣᠨᠤᠭ ᠲᠥᠬᠦᠭᠡᠷᠦᠮᠵᠢ ᠪᠠᠨ ᠣᠷᠣᠭᠤᠯᠤᠮᠠᠭᠴᠠ ᠠᠵᠢᠯ ᠢᠶᠠᠨ ᠡᠬᠢᠯᠡᠭᠦᠯᠵᠦ ᠪᠣᠯᠬᠤ︾ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠭᠰᠡᠨ ᠪᠠᠶᠢᠨ᠎ᠠ᠃      ᠣᠶᠤᠨᠲᠤ ᠦᠢᠯᠡᠳᠬᠦ ᠠᠵᠤ ᠦᠢᠯᠡᠰ ᠤᠨ ᠬᠦᠷᠢᠶᠡᠯᠡᠩ ᠨᠢ ᠰᠢᠨ᠎ᠡ ᠲᠣᠭᠤᠷᠢᠭ ᠤᠨ ᠭᠤᠣᠯ ᠬᠡᠰᠡᠭ ᠲᠤ ᠪᠠᠶᠢᠷᠢᠯᠠᠵᠤ᠂ 474 ᠮᠤ᠋ ᠭᠠᠵᠠᠷ ᠡᠵᠡᠯᠡᠨ᠂ ᠪᠠᠷᠢᠯᠭ᠎ᠠ ᠶᠢᠨ ᠶᠡᠷᠦᠩᠬᠡᠢ ᠲᠠᠯᠠᠪᠠᠢ 32.47 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠢ ᠪᠡᠯᠡ ᠣᠷᠣᠭᠤᠯᠤᠯᠲᠠ ᠨᠢ 18.56 ᠳ᠋ᠦᠩᠰᠢᠭᠤᠷ ᠲᠥᠭᠦᠷᠢᠭ ᠬᠦᠷᠴᠦ᠂ ᠭᠤᠣᠯᠳᠠᠭᠤ  ᠪᠠᠷᠢᠮᠵᠢᠶᠠᠵᠢᠭᠰᠠᠨ ᠦᠢᠯᠡᠳᠪᠦᠷᠢ ᠶᠢᠨ ᠲᠠᠰᠤᠭ᠂ ᠰᠤᠳᠤᠯᠤᠨ ᠨᠡᠭᠡᠭᠡᠬᠦ ᠲᠥᠪ ᠲᠤᠷᠰᠢᠯᠲᠠ ᠶᠢᠨ ᠠᠰᠠᠷ᠂ ᠳᠡᠯᠭᠡᠨ ᠦᠵᠡᠭᠦᠯᠬᠦ ᠲᠢᠩᠬᠢᠮ ᠵᠢᠴᠢ ᠬᠤᠭᠤᠯᠠᠨ ᠭᠡᠷ᠂ ᠠᠵᠢᠯᠲᠠᠨ ᠤ ᠪᠠᠶᠢᠷᠢ᠂ ᠠᠳᠠᠯ ᠠᠬᠤᠢ ᠶᠢᠨ ᠲᠥᠪ᠂ ᠪᠡᠶ᠎ᠡ ᠪᠣᠯᠪᠠᠰᠤᠷᠠᠬᠤ ᠲᠥᠪ ᠵᠡᠷᠭᠡ ᠢᠵᠢ ᠪᠦᠷᠢᠳᠦᠭᠦᠯᠬᠦ ᠦᠢᠯᠡᠴᠢᠯᠡᠭᠡ ᠶᠢᠨ ᠪᠡᠯᠡᠳᠬᠡᠮᠵᠢ ᠶᠢ ᠪᠠᠶᠢᠭᠤᠯᠪᠠ᠃ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠡᠭᠦᠨ ᠳᠤ ᠨᠢᠭᠡᠳᠦᠭᠡᠷ ᠬᠤᠭᠤᠴᠠᠭ᠎ᠠ  ᠨᠢ 238.56 ᠮᠤ᠋ ᠭᠠᠵᠠᠷ ᠡᠵᠡᠯᠡᠵᠦ᠂ ᠪᠠᠷᠢᠯᠭ᠎ᠠ ᠶᠢᠨ ᠶᠡᠷᠦᠩᠬᠡᠢ ᠲᠠᠯᠠᠪᠠᠢ 16.63 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ A᠂ D᠂ E ᠭᠤᠷᠪᠠᠨ ᠴᠢᠳᠠᠮᠵᠢ ᠶᠢᠨ ᠲᠣᠭᠤᠷᠢᠭ ᠬᠤᠪᠢᠶᠠᠨ᠂ 40 ᠰᠢᠬᠠᠮ ᠳᠠᠩ ᠪᠠᠷᠢᠯᠭ᠎ᠠ ᠪᠠᠷ ᠪᠦᠷᠢᠯᠳᠦᠵᠦ᠂ 200 ᠠᠵᠤ ᠠᠬᠤᠶᠢᠯᠠᠯ ᠨᠤᠲᠤᠭᠰᠢᠬᠤ ᠳᠤ ᠭᠠᠵᠠᠷ ᠬᠠᠩᠭᠠᠵᠤ᠂ ᠠᠵᠤ ᠠᠬᠤᠶᠢᠯᠠᠯ ᠤᠨ ᠰᠢᠨ᠎ᠡ ᠲᠣᠭᠤᠷᠢᠭ ᠲᠤ ᠨᠤᠲᠤᠭᠰᠢᠬᠤ ᠳᠤ ᠠᠯᠪᠠᠯᠠᠬᠤ ᠭᠠᠵᠠᠷ ᠪᠠ ᠦᠢᠯᠡᠳᠪᠦᠷᠢᠯᠡᠬᠦ ᠭᠠᠵᠠᠷ ᠦᠭᠡᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃       ᠣᠶᠢᠯᠠᠭᠠᠭᠰᠠᠨ ᠢᠶᠠᠷ᠂ ᠬᠦᠷᠢᠶᠡᠯᠡᠩ ᠲᠣᠭᠤᠷᠢᠭ ᠲᠤ ᠨᠤᠲᠤᠭᠰᠢᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠰᠢᠨ᠎ᠡ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠯᠠᠮᠵᠢᠯᠠᠬᠤ ᠲᠥᠷᠥ ᠶᠢᠨ ᠪᠣᠳᠣᠯᠭ᠎ᠠ ᠶᠢ ᠬᠦᠷᠲᠡᠬᠦ ᠪᠠᠷ ᠪᠠᠷᠠᠬᠤ ᠦᠭᠡᠢ ᠪᠠᠰᠠ ᠭᠡᠷ ᠪᠠᠶᠢᠰᠢᠩ ᠬᠤᠳᠠᠯᠳᠤᠨ ᠠᠪᠬᠤ ᠪᠠ ᠲᠦᠷᠢᠶᠡᠰᠦᠨ ᠮᠥᠩᠭᠦ ᠶᠢᠨ ᠨᠥᠬᠦᠪᠦᠷᠢ᠂ ᠲᠥᠯᠥᠪᠦᠷᠢ ᠦᠭᠡᠢ ᠪᠠᠶᠢᠷᠢ ᠳᠤ ᠰᠠᠭᠤᠬᠤ ᠠᠵᠢᠯ ᠳᠤ ᠭᠠᠷᠴᠤ ᠪᠠᠭᠤᠬᠤ ᠲᠡᠷᠭᠡ᠂ ᠵᠠᠮ ᠬᠥᠭᠡᠭᠡᠬᠦ ᠦᠭᠡᠢ᠂ ᠳᠣᠯᠣᠭᠠᠨ ᠣᠳᠣᠨ ᠲᠡᠰ ᠤᠨ ᠠᠳᠠᠯ ᠠᠬᠤᠢ᠂ ᠳᠡᠭᠡᠳᠦ ᠲᠡᠰ ᠤᠨ  ᠤᠶᠤᠨᠴᠢᠯᠠᠭᠰᠠᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠵᠡᠷᠭᠡ ᠦᠢᠯᠡᠴᠢᠯᠡᠭᠡ ᠶᠢ ᠬᠦᠷᠲᠡᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号