ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2020 ᠣᠨ ᠤ 13  ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/24
ᠸᠠᠩ ᠯᠢ ᠰᠢᠶᠠ ᠡᠷᠬᠢᠯᠡᠵᠦ ᠵᠠᠩ ᠪᠠᠢ ᠴᠧᠩ  ᠰᠦᠨ ᠵᠢᠶᠠᠨ ᠬᠤᠸᠠ  ᠯᠥᠸᠧ ᠴᠢᠩ  ᠾᠧ ᠬᠠᠢ ᠳ᠋ᠦᠩ  ᠨᠠᠷ ᠣᠷᠣᠯᠴᠠᠪᠠ       ︵ᠰᠤᠷᠪᠤᠯᠵᠢᠯᠠᠭᠴᠢ ᠰᠦᠩ ᠰᠢᠶᠠᠩ ᠬᠤᠸᠠ︶ 9 ᠳ᠋ᠦ᠋ᠭᠡᠷ ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2020 ᠣᠨ ᠤ13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ︽ᠰᠢ ᠶᠢᠨ ᠫᠢᠩ ᠤᠨ ᠲᠥᠷᠥ ᠶᠢ ᠵᠠᠰᠠᠬᠤ ᠲᠤᠬᠠᠢ︾ ᠶᠢᠨ ᠭᠤᠷᠪᠠᠳᠤᠭᠠᠷ ᠪᠣᠳᠢ ᠶᠢᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠭᠦᠨᠵᠡᠭᠡᠢ ᠵᠠᠳᠠᠯᠤᠯᠲᠠ ᠬᠢᠵᠦ᠂ ᠵᠠᠰᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠰᠤᠷᠤᠯᠴᠠᠯᠭ᠎ᠠ ᠶᠢᠨ ᠬᠤᠷᠠᠯ ᠢ ᠡᠷᠬᠢᠯᠡᠪᠡ᠃      ᠸᠠᠩ ᠯᠢ ᠰᠢᠶᠠ ᠶᠠᠷᠢᠶᠠᠨ ᠳᠠᠭᠠᠨ ᠵᠢᠭᠠᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ ᠣᠯᠠᠨ ᠤᠳᠠᠭ᠎ᠠ ᠴᠢᠬᠤᠯᠠ ᠵᠢᠭᠠᠪᠤᠷᠢ ᠬᠢᠵᠦ᠂ ᠴᠢᠬᠤᠯᠠ ᠶᠠᠷᠢᠶ᠎ᠠ ᠲᠠᠯᠪᠢᠵᠤ᠂ ᠪᠢᠳᠠᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠴᠢᠭᠯᠡᠯ ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠲᠥᠪ ᠬᠤᠲᠠ ᠶᠢᠨ ᠦᠨᠳᠦᠰᠦᠲᠡᠨ ᠤ ᠠᠵᠢᠯ ᠢ ᠰᠠᠶᠢᠨ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠥᠪᠥᠷ ᠮᠣᠩᠭᠤᠯ ᠤᠨ ᠠᠵᠢᠯ ᠤᠨ ᠪᠦᠬᠦ ᠲᠠᠯ᠎ᠠ ᠳᠤ ᠬᠤᠯᠪᠣᠭᠳᠠᠬᠤ ᠪᠠᠷ ᠪᠠᠷᠠᠬᠤ ᠦᠭᠡᠢ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠲᠤᠭᠤᠰᠢᠯᠠᠭᠤᠯᠤᠨ ᠬᠡᠷᠡᠭᠵᠢᠭᠦᠯᠬᠦ ᠲᠠᠢ ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠠ ᠡᠬᠡ ᠤᠯᠤᠰ ᠤᠨ ᠨᠢᠭᠡᠳᠦᠯ ᠲᠠᠢ ᠬᠤᠯᠪᠣᠭᠳᠠᠨ᠎ᠠ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠦᠨᠳᠦᠰᠦᠲᠡᠨ ᠲᠠᠢ ᠬᠠᠮᠢᠶ᠎ᠠ ᠲᠠᠢ ᠠᠵᠢᠯ ᠢ ᠨᠠᠷᠢᠨ ᠬᠢᠨᠠᠮᠠᠭᠠᠢ ᠰᠠᠶᠢᠨ ᠬᠢᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠲᠤᠬᠠᠢ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠨᠠᠮ ᠳᠠᠭᠠᠨ ᠦᠨᠡᠨᠴᠢ ᠭᠡᠳᠡᠭ ᠢᠶᠠᠨ ᠢᠯᠡᠳᠬᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠭ᠎ᠠ ᠬᠡᠮᠵᠢᠶ᠎ᠡ ᠠᠷᠭ᠎ᠠ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠢᠨ᠎ᠡ ᠴᠠᠭ ᠦᠶ᠎ᠡ ᠶᠢᠨ ᠲᠥᠪ ᠬᠤᠲᠠ ᠶᠢᠨ ᠦᠨᠳᠦᠰᠦᠲᠡᠨ ᠤ ᠠᠵᠢᠯ ᠢ ᠰᠠᠶᠢᠨ ᠬᠢᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠪᠠ ︽ᠭᠤᠷᠪᠠᠨ ᠰᠠᠯᠵᠤ ᠴᠢᠳᠠᠰᠢ ᠦᠭᠡᠢ︾ ︽ᠲᠠᠪᠤᠨ ᠬᠠᠮᠳᠤ ᠶᠢᠨ ᠲᠠᠨᠢᠯᠲᠠ︾ ᠦᠵᠡᠯ ᠰᠠᠨᠠᠭᠠᠨ ᠤ ᠬᠥᠮᠥᠵᠢᠯ ᠢ ᠭᠦᠨᠵᠡᠭᠡᠶᠢᠷᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠲᠤᠵᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠪᠠᠬᠢᠵᠢᠭᠦᠯᠬᠦ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ᠂ ᠣᠨᠴᠠᠭᠠᠶᠢᠯᠠᠨ ᠤᠳᠤᠷᠢᠳᠬᠤ ᠺᠠᠳ᠋ᠷ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠬᠤᠯᠠ ᠶᠡᠭᠡ ᠵᠠᠷᠴᠢᠮ ᠤᠨ ᠠᠰᠠᠭᠤᠳᠠᠯ ᠳᠡᠭᠡᠷ᠎ᠡ ᠵᠣᠭᠰᠣᠯᠲᠠ ᠪᠠᠨ ᠪᠠᠲᠤ ᠴᠢᠩᠭ᠎ᠠ᠂ ᠣᠪᠣᠷ ᠢᠯᠡ ᠲᠣᠳᠣᠷᠬᠠᠢ ᠪᠠᠶᠢᠬᠤ ᠬᠡᠷᠡᠭᠲᠡᠢ︔ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ ᠨᠢ ᠭᠠᠪᠰᠢᠭᠠᠶᠢᠯᠠᠵᠤ᠂ ᠵᠣᠷᠢᠭᠲᠠᠢ ᠪᠠᠷ ᠲᠡᠮᠡᠴᠡᠬᠦ ᠬᠡᠷᠡᠭᠲᠡᠢ︔ ᠠᠷᠠᠳ ᠲᠦᠮᠡᠨ ᠳᠤ ᠦᠢᠯᠡᠴᠢᠯᠡᠬᠦ ᠳᠤᠮᠳᠠ ᠤᠭ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠶ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠡᠷᠡᠰ ᠰᠢᠭᠤᠷᠬᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠲᠥᠪ ᠬᠤᠲᠠ ᠶᠢᠨ ᠦᠨᠳᠦᠰᠦᠲᠡᠨ ᠱᠠᠰᠢᠨ ᠰᠤᠷᠲᠠᠬᠤᠨ ᠤ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠰᠦᠨ ᠵᠢᠶᠠᠨ ᠬᠤᠸᠠ᠂ ᠯᠥᠸᠧ ᠴᠢᠩ᠂ ᠾᠧ ᠬᠠᠢ ᠳ᠋ᠦᠩ᠂ ᠭᠠᠩᠪᠦ᠋ᠬᠡ᠂ ᠵᠠᠩ ᠶᠢᠨ ᠫᠢᠩ᠂ ᠴᠠᠩ ᠫᠧᠢ ᠵᠦᠩ᠂ ᠶᠦᠨ ᠬᠠᠢ᠂ ᠪᠠᠢ ᠶᠦᠩ ᠫᠢᠩ᠂ ᠯᠢᠦ ᠴᠧᠩ ᠮᠢᠨ ᠂ ᠸᠠᠩ ᠬᠤᠤ ᠯᠧᠢ᠂ ᠦ᠋ ᠸᠧᠨ ᠮᠢᠩ᠂ ᠰᠢᠦᠢ ᠷᠦᠢ ᠰᠢᠶᠠ᠂ ᠪᠢ ᠭᠥᠸᠧ ᠴᠧᠨ᠂ ᠴᠢᠶᠥᠥ ᠶᠦᠨ ᠯᠢ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠬᠤᠷᠠᠯ ᠳᠤ ᠣᠷᠣᠯᠴᠠᠭᠰᠠᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号