ᠰᠢᠨ᠎ᠡ ᠬᠤᠲᠠ ᠲᠣᠭᠤᠷᠢᠭ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠲᠤᠰᠬᠠᠶ ᠲᠣᠭᠤᠷᠢᠨ ᠪᠠᠶᠢᠴᠠᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/25
     9 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠬᠤᠳᠠᠯᠳᠤᠭ᠎ᠠ ᠡᠵᠡᠩᠨᠡᠬᠦ ᠤᠷᠴᠢᠨ ᠲᠣᠭᠤᠷᠢᠨ ᠢ ᠰᠢᠯᠢᠳᠡᠭᠵᠢᠭᠦᠯᠵᠦ ᠲᠤᠰᠬᠠᠶ ᠲᠣᠭᠤᠷᠢᠨ ᠪᠠᠶᠢᠴᠠᠭᠠᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠧᠶ ᠬᠤᠩ ᠵᠢᠶᠦ᠋ᠨ ᠬᠤᠷᠠᠯ ᠢ ᠡᠷᠭᠢᠯᠡᠪᠡ᠃ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠵᠤᠤ ᠵᠢᠶᠠᠩ ᠬᠤᠲᠠ ᠶᠢᠨ ᠨᠠᠮ ᠤᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠳᠠᠷᠠᠭᠠᠴᠢ ᠶᠢᠨ ᠱᠠᠲᠤᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠥᠷᠥ ᠶᠢᠨ ᠦᠵᠡᠯ ᠤᠬᠠᠮᠰᠠᠷ᠂ ᠶᠡᠭᠡ ᠲᠠᠯ᠎ᠠ ᠶᠢᠨ ᠦᠵᠡᠯ ᠤᠬᠠᠮᠰᠠᠷ ᠤᠨ ᠬᠠᠷᠠᠭᠠᠰᠤ ᠪᠣᠯᠤᠨ ᠦᠨᠳᠦᠷᠴᠡ ᠠᠴᠠ ᠲᠤᠰᠬᠠᠶ ᠵᠣᠶᠢᠯ ᠤᠨ ᠲᠣᠭᠤᠷᠢᠨ ᠪᠠᠶᠢᠴᠠᠭᠠᠬᠤ ᠠᠵᠢᠯ ᠢ ᠲᠠᠨᠢᠵᠤ ᠬᠠᠨᠳᠤᠬᠤ ᠬᠡᠷᠡᠭᠲᠡᠶ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠠᠳᠬᠤᠬᠤ ᠪᠣᠯ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ᠂ ᠤᠯᠤᠰ ᠲᠦᠷᠦ ᠶᠢ ᠡᠷᠬᠢᠮᠯᠡᠬᠦ ᠶᠢᠨ ᠪᠣᠳᠠᠲᠠᠶ ᠢᠯᠡᠷᠡᠯ ᠪᠤᠯᠠᠬᠤ ᠶᠢ ᠭᠦᠨᠵᠡᠭᠡᠢ ᠲᠠᠨᠢᠬᠤ ᠬᠡᠷᠡᠭᠲᠡᠢ᠃ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠲᠥᠪ ᠪᠣᠯᠭᠠᠵᠤ᠂ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠨᠡᠯᠡᠯᠲᠡ ᠶᠢ ᠤᠭᠲᠤᠬᠤ ᠡᠯ᠎ᠡ ᠵᠣᠶᠢᠯ ᠤᠨ ᠠᠵᠢᠯ ᠢ ᠦᠨᠡᠨᠬᠦ ᠨᠠᠷᠢᠯᠢᠭ ᠪᠣᠳᠠᠲᠠᠶ ᠠᠳᠬᠤᠵᠤ ᠬᠡᠷᠡᠭᠲᠡᠶ ᠭᠡᠪᠡ᠃
     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠭᠤᠭᠴᠤᠭ᠎ᠠ ᠶᠢ ᠡᠵᠡᠮᠳᠡᠵᠦ᠂ ᠲᠣᠭᠤᠷᠢᠨ ᠪᠠᠶᠢᠴᠠᠭᠠᠬᠤ ᠡᠯ᠎ᠡ ᠵᠦᠢᠯ ᠤᠨ ᠡᠭᠦᠷᠭᠡ ᠶᠢ ᠨᠠᠶᠢᠲᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠪᠠ ᠲᠤᠭᠤᠷᠢᠭ ‍ᠤᠨ‌ᠨᠠᠮ ᠤᠨ ᠬᠤᠷᠢᠶ᠎ᠠ ᠶᠢᠨ ᠱᠠᠭᠠᠷᠳᠠᠯᠭ᠎ᠠ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ᠂ ᠬᠥᠭᠵᠢᠯᠲᠡ ᠶᠢᠨ ᠬᠡᠷᠡᠭᠴᠡᠭᠡ ᠪᠠ ᠣᠯᠠᠨ ᠲᠦᠮᠡᠨ ᠤ ᠲᠤᠰᠬᠠᠯ ᠲᠠᠢ ᠤᠶᠠᠯᠳᠤᠭᠤᠯᠤᠨ᠂ ᠦᠵᠡᠭᠳᠡᠯ ᠢ ᠳᠡᠯᠭᠡᠵᠦ᠂ ᠵᠥᠷᠢᠶ᠎ᠡ ᠶᠢ ᠡᠷᠢᠵᠦ᠂ ᠰᠢᠯᠲᠠᠭᠠᠨ ᠢ ᠨᠢ ᠪᠠᠶᠢᠴᠠᠭᠠᠵᠤ︔ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠨᠢᠭᠡᠴᠡ᠂ ᠭᠤᠤᠯᠳᠠᠯᠭ᠎ᠠ ᠲᠠᠢ ᠠᠵᠢᠯ ᠤᠨ ᠪᠠᠶᠢᠷᠢ ᠶᠢ ᠴᠢᠩᠭ᠎ᠠ ᠠᠵᠢᠭᠯᠠᠵᠤ︔ ᠠᠰᠠᠭᠤᠳᠠᠯ ᠤᠨ ᠨᠠᠷᠢᠨ ᠳᠠᠩᠰᠠ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠪᠠᠶᠢᠭᠤᠯᠵᠤ᠂ ᠬᠠᠷᠢᠭᠤᠴᠠᠯᠭ᠎ᠠ ᠡᠭᠦᠷᠭᠡᠯᠡᠭᠴᠢ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠳᠠᠩᠰᠠ ᠶᠢᠨ ᠬᠡᠯᠪᠡᠷᠢ ᠶᠢᠨ ᠬᠠᠮᠢᠶᠠᠷᠤᠯᠲᠠ᠂ ᠲᠥᠷᠥᠯ ᠵᠦᠢᠯ ᠤᠨ ᠬᠡᠯᠪᠡᠷᠢ ᠪᠠᠷ ᠠᠬᠢᠭᠤᠯᠵᠤ᠂ ᠦᠨᠳᠦᠰᠦ ᠰᠤᠷᠪᠤᠯᠵᠢ ᠠᠴᠠ ᠨᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠣᠴᠢᠷ ᠪᠦᠬᠦᠨ ᠪᠣᠳᠠᠲᠠᠶᠢᠵᠢᠵᠤ᠂ ᠶᠠᠪᠤᠳᠠᠯ ᠪᠦᠬᠦᠨ ᠬᠠᠷᠢᠭᠤ ᠲᠠᠢ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠪᠥᠬᠦ ᠬᠦᠴᠦᠨ ᠢᠶᠠᠷ ᠢᠶᠠᠨ ᠳᠡᠮᠵᠢᠵᠦ ᠬᠠᠮᠵᠢᠯᠴᠠᠵᠤ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠦᠷᠨᠢᠯᠲᠡ ᠶᠢ ᠦᠨᠡᠨᠬᠦ ᠪᠠᠲᠤᠯᠠᠬᠤ ᠬᠡᠷᠡᠭᠲᠡᠢ᠃ ᠲᠣᠰ ᠤᠳᠠᠭᠠᠨ ᠤ ᠲᠣᠭᠤᠷᠢᠨ ᠪᠠᠶᠢᠴᠠᠭᠠᠬᠤ ᠠᠵᠢᠯ ᠤᠨ ᠬᠡᠪ ᠪᠠᠷᠢᠮᠵᠢᠶ᠎ᠠ ᠨᠢ ᠥᠨᠳᠥᠷ᠂ ᠠᠭᠤᠯᠭ᠎ᠠ ᠨᠢ ᠣᠯᠠᠨ᠂ ᠡᠭᠦᠷᠭᠡ ᠬᠦᠨᠳᠦ᠂ ᠡᠷᠴᠢᠮ ᠨᠢ ᠶᠡᠭᠡ᠂ ᠪᠦᠬᠦ ᠣᠷᠣᠨ ᠤ ᠳᠡᠭᠡᠳᠦ ᠳᠣᠣᠷᠠᠳᠤ ᠱᠠᠲᠤᠨ ᠤ ᠬᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠡᠯ᠎ᠡ ᠵᠦᠢᠯ ᠤᠨ ᠱᠠᠭᠠᠷᠳᠠᠯᠭ᠎ᠠ ᠶᠣᠰᠣᠭᠠᠷ᠂ ᠨᠠᠷᠢᠨ ᠨᠢᠮᠪᠠᠶ ᠲᠣᠬᠢᠷᠠᠭᠤᠯᠵᠤ᠂ ᠡᠷᠡᠰ ᠨᠠᠶᠢᠲᠠᠪᠤᠷᠢᠵᠢᠭᠤᠯᠵᠤ᠂ ᠪᠦᠬᠦ ᠲᠠᠯ᠎ᠠ᠂ ᠪᠦᠬᠦ ᠶᠠᠪᠤᠴᠠ ᠳᠤ ᠰᠠᠶᠢᠲᠤᠷ ᠬᠠᠮᠵᠢᠯᠴᠠᠵᠤ᠂ ᠲᠤᠰᠬᠠᠶ ᠲᠣᠭᠤᠷᠢᠨ ᠪᠠᠶᠢᠴᠠᠭᠠᠬᠤ ᠡᠭᠦᠷᠭᠡ ᠶᠢ ᠰᠠᠶᠢᠲᠤᠷ ᠪᠡᠶᠡᠯᠡᠭᠦᠯᠬᠦ ᠶᠢᠨ ᠬᠠᠮᠲᠤ ᠪᠠᠰᠠ ᠡᠭᠦᠨ ᠢᠶᠠᠷ ᠲᠣᠬᠢᠶᠠᠯ ᠪᠣᠯᠭᠠᠵᠤ᠂ ᠭᠡᠮ ᠠᠷᠬᠠᠭ ᠢᠶᠠᠨ ᠡᠷᠢᠨ ᠣᠯᠵᠤ᠂ ᠰᠢᠯᠲᠠᠭᠠᠨ ᠢ ᠨᠢ ᠠᠷᠢᠯᠭᠠᠵᠤ᠂ ᠰᠢᠨ᠎ᠡ ᠬᠤᠲᠠ ᠲᠣᠭᠤᠷᠢᠭ ᠴᠢᠨᠠᠭᠰᠢᠯᠠᠪᠠᠯ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠣᠢ ᠪᠤᠯᠭᠠᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠣᠯᠣᠰ ᠤᠨ ᠪᠠᠶᠠᠷ ᠤᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠢᠨᠵᠧᠨᠧᠷᠢᠩ ᠤᠨ ᠶᠠᠰᠤ ᠴᠢᠨᠠᠷ ᠢ ᠰᠢᠯᠭᠠᠨ ᠠᠪᠬᠤ ᠠᠵᠢᠯ᠂ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠵᠡᠷᠭᠡ ᠭᠤᠣᠯᠳᠠᠯᠠᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号