ᠬᠦᠬᠡᠬᠤᠲᠠ ᠬᠤᠭᠤᠯᠠᠨ ᠭᠡᠷ ᠲᠤᠭᠤᠭᠠᠨ ᠭᠡᠷ ᠤᠨ ᠬᠤᠭ ᠨᠤᠪᠰᠢ ᠶᠢ ᠲᠠᠷᠬᠠᠯᠲᠠ ᠶᠢᠨ ᠬᠡᠯᠪᠡᠷᠢ ᠪᠠᠷ ᠴᠤᠭᠴᠠᠵᠢᠭᠤᠯᠤᠨ ᠰᠡᠢᠳᠪᠦᠷᠢᠯᠡᠬᠦ ᠠᠩᠬᠠᠳᠤᠬᠴᠢ ᠦᠷᠲᠡᠭᠡ ᠠᠵᠢᠯᠯᠠᠵᠤ ᠡᠬᠢᠯᠡᠪᠡ
ᠨᠡᠶᠢᠲᠡᠯᠡᠭᠰᠡᠨ ᠴᠠᠭ᠄
2020/9/25
    7 ᠳ᠋ᠤᠭᠠᠷ ᠰᠠᠷ᠎ᠠ ᠶᠢᠨ ᠲᠤᠮᠲᠠᠴᠢ ᠪᠠᠷ ᠬᠦᠬᠡᠬᠤᠲᠠ ᠶᠢᠨ ᠬᠤᠭᠤᠯᠠᠨ ᠭᠡᠷ ᠲᠤᠭᠤᠭᠠᠨ ᠭᠡᠷ ᠤᠨ ᠬᠤᠭ ᠨᠤᠪᠰᠢ ᠶᠢ ᠲᠠᠷᠬᠠᠯᠲᠠ ᠶᠢᠨ ᠬᠡᠯᠪᠡᠷᠢ ᠪᠠᠷ ᠴᠤᠭᠴᠠᠵᠢᠭᠤᠯᠤᠨ ᠰᠡᠢᠳᠪᠦᠷᠢᠯᠡᠬᠦ ᠠᠩᠬᠠᠳᠤᠬᠴᠢ ᠦᠷᠲᠡᠭᠡ ᠳ᠋ᠢᠩ ᠰᠢᠶᠠᠩ ᠡᠮᠦᠨ᠎ᠡ ᠵᠠᠮ ᠤᠨ ᠤᠯᠤᠰ ᠲᠦᠷᠦ ᠶᠢᠨ ᠵᠦᠪᠯᠡᠯᠭᠡᠨ ᠤ ᠰᠠᠭᠤᠭᠠᠯᠢᠴᠤᠳ ᠤᠨ ᠲᠤᠭᠤᠷᠢᠭ ᠤᠨ ᠵᠡᠬᠦᠨ ᠬᠠᠭᠠᠯᠭ᠎ᠠ ᠶᠢᠨ ᠡᠰᠡᠷᠬᠦ ᠲᠠᠯ᠎ᠠ ᠳᠤ ᠲᠤᠷᠰᠢᠨ ᠠᠵᠢᠯᠯᠠᠬᠰᠠᠨ ᠠᠴᠠ ᠨᠠᠭᠠᠰᠢ ᠰᠠᠷ᠎ᠠ ᠭᠠᠷᠤᠢ ᠶᠢᠨ ᠲᠠᠷᠠᠭ᠎ᠠ ᠲᠤᠷᠰᠢᠯᠲᠠ ᠶᠢᠨ ᠴᠢᠭ᠋ ᠤᠨ ᠲᠦᠷᠦᠯ ᠵᠦᠢᠯ ᠨᠢᠭᠡᠨᠲᠡ ᠡᠷᠬᠢᠨ ᠲᠤᠭᠤᠷᠢᠨ ᠤ 160  ᠭᠠᠷᠤᠢ ᠬᠤᠭᠤᠯᠠᠨ ᠭᠡᠷ ᠤᠨ ᠪᠠ ᠬᠡᠰᠡᠭ ᠨᠡᠶᠢᠭᠡᠮ ᠲᠤᠭᠤᠷᠢᠭ ᠤᠨ ᠲᠤᠭᠤᠭᠠᠨ ᠭᠡᠷ ᠤᠨ ᠬᠤᠭ ᠨᠤᠪᠰᠢ ᠶᠢ ︽ᠲᠤᠬᠠᠢ ᠶᠢᠨ ᠭᠠᠵᠠᠷ ᠲᠤᠨᠢ ᠰᠡᠢᠳᠪᠦᠷᠢᠯᠡᠬᠦ︾ ᠠᠵᠢᠯ ᠢ ᠲᠠᠭᠠᠭᠠᠵᠤ ᠭᠦᠢᠴᠡᠳᠭᠡᠬᠦ ᠪᠤᠯᠤᠯ᠎ᠠ᠃     ︽ᠲᠤᠷᠰᠢᠨ ᠠᠵᠢᠯᠯᠠᠬᠰᠠᠨ ᠠᠴᠠ ᠨᠠᠭᠠᠰᠢ 90.78 ᠲᠤᠨ ᠬᠤᠭᠤᠯᠠᠨ ᠭᠡᠷ ᠲᠤᠭᠤᠭᠠᠨ ᠭᠡᠷ ᠤᠨ ᠬᠤᠭ ᠨᠤᠪᠰᠢ ᠶᠢ ᠬᠤᠷᠢᠶᠠᠨ ᠠᠪᠴᠤ᠂ ᠦᠯᠡᠲᠡᠭᠰᠡᠨ ᠲᠠᠭᠠᠯᠲᠠ ᠡᠳ᠋ ᠨᠢ 9  ᠲᠤᠨ ᠳᠤ ᠬᠦᠷᠬᠦ ᠦᠭᠡᠢ᠂ 90 % ᠶᠢᠨ ᠬᠤᠭ ᠨᠤᠪᠰᠢ ᠶᠢ  ᠴᠡᠪᠡᠷᠯᠡᠨ ᠰᠡᠢᠳᠪᠦᠷᠢᠯᠡᠵᠡᠢ᠃ ᠦᠯᠡᠲᠡᠭᠰᠡᠨ ᠲᠠᠭᠠᠯᠲᠠ ᠡᠳ᠋ ᠨᠢ ᠪᠤᠯ ᠠᠽᠤᠲ᠂ ᠫᠤᠰᠫᠤᠷ᠂ ᠺᠠᠯᠢ ᠡᠯᠪᠡᠭ ᠠᠭᠤᠯᠤᠬᠰᠠᠨ ᠤᠷᠭᠠᠨᠢᠭ ᠪᠤᠷᠲᠤᠭᠤᠷ ᠪᠤᠯᠤᠨ᠎ᠠ᠂ ᠨᠤᠭᠤᠭᠠᠷᠠᠭᠤᠯᠬᠤ ᠪᠦᠰᠡ ᠶᠢᠨ ᠤᠷᠭᠠᠨᠢᠭ ᠪᠤᠷᠲᠤᠭᠤᠷ ᠢᠶᠠᠷ ᠬᠡᠷᠡᠭᠯᠡᠵᠦ ᠪᠤᠯᠤᠨ᠎ᠠ᠃︾ 9 ᠳ᠋ᠤᠭᠡᠷ ᠰᠠᠷ᠎ᠠ ᠶᠢᠨ 20   ᠤ ᠡᠲᠦᠷ ᠤ ᠦᠲᠡ ᠶᠢᠨ ᠡᠮᠦᠨ᠎ᠡ᠂ ᠬᠦᠬᠡᠬᠤᠲᠠ ᠶᠢᠨ ᠤᠷᠴᠢᠨ ᠲᠤᠭᠤᠷᠢᠨ ᠤ ᠺᠤᠮᠫᠠᠨᠢ ᠶᠢᠨ ᠬᠤᠭᠤᠯᠠᠨ ᠭᠡᠷ ᠲᠤᠭᠤᠭᠠᠨ ᠭᠡᠷ ᠤᠨ ᠬᠤᠭ ᠨᠤᠪᠰᠢ ᠶᠢ ᠴᠤᠭᠴᠠᠵᠢᠭᠤᠯᠤᠨ ᠰᠡᠢᠳᠪᠦᠷᠢᠯᠡᠬᠦ ᠲᠦᠷᠦᠯ ᠵᠦᠢᠯ ᠤᠨ ᠬᠠᠷᠢᠭᠤᠴᠠᠯᠭᠠᠲᠠᠨ ᠯᠢ ᠵᠢᠶᠠ ᠰᠤᠷᠪᠤᠯᠵᠢᠯᠠᠭᠴᠢ ᠳᠤ ᠲᠠᠨᠢᠯᠴᠠᠭᠤᠯᠪᠠ᠃ 50 ᠲᠡᠭᠰᠢ ᠲᠦᠷᠪᠡᠯᠵᠢᠨ ᠮᠧᠲᠷ ᠪᠦᠬᠦᠢ ᠲᠠᠯᠠᠪᠠᠢ ᠡᠵᠡᠯᠡᠬᠦ ᠲᠤᠷᠰᠢᠯᠲᠠ ᠶᠢᠨ ᠲᠠᠯᠠᠪᠠᠢ ᠳᠤ ᠰᠤᠷᠪᠤᠯᠵᠢᠯᠠᠭᠴᠢ ᠬᠤᠭᠤᠯᠠᠨ ᠭᠡᠷ ᠲᠤᠭᠤᠭᠠᠨ ᠭᠡᠷ ᠤᠨ ᠬᠤᠭ ᠨᠤᠪᠰᠢ ᠶᠢ ᠰᠡᠢᠳᠪᠦᠷᠢᠯᠡᠬᠦ ᠪᠦᠬᠦ ᠶᠠᠪᠤᠴᠠ ᠶᠢ ᠠᠵᠢᠬᠯᠠᠯ᠎ᠠ᠃ ︽ᠬᠤᠭᠤᠯᠠ ᠲᠤᠭᠤᠭᠠᠨ ᠭᠡᠷ ᠤᠨ ᠬᠤᠭ ᠨᠤᠪᠰᠢ ᠤᠰᠤ ᠶᠡᠭᠡ ᠠᠬᠤᠭᠤᠯᠲᠠᠭ ᠪᠤᠯᠬᠤᠷ ᠰᠢᠭᠤᠳ ᠭᠠᠯᠲᠠᠵᠤ ᠲᠦᠯᠡᠪᠡᠯ ᠨᠤᠴᠤᠬᠤ ᠨᠢ ᠮᠠᠭᠤ ᠮᠦᠷᠲᠡᠭᠡᠨ ᠬᠤᠤᠷᠠᠲᠠᠢ ᠡᠳ᠋ ᠭᠠᠲᠠᠬᠰᠢᠯᠠᠭᠤᠯᠲᠠᠭ᠃ ᠲᠠᠷᠬᠠᠯᠲᠠ ᠶᠢᠨ ᠬᠡᠯᠪᠡᠷᠢ ᠪᠠᠷ ᠰᠡᠢᠳᠪᠦᠷᠢᠯᠡᠪᠡᠯ᠂ ᠬᠤᠭ ᠨᠤᠪᠰᠢ ᠶᠢᠨ ᠬᠡᠮᠵᠢᠶ᠎ᠡ ᠶᠢ  ᠪᠠᠭᠠᠰᠬᠠᠬᠤ ᠲᠡᠲᠦᠢ ᠦᠭᠡᠢ᠂ ᠵᠦᠭᠡᠭᠡᠪᠦᠷᠢᠯᠡᠬᠦ ᠬᠤᠪᠢ ᠶᠢᠨ ᠦᠷᠲᠡᠭ ᠢ ᠪᠠᠭᠤᠷᠠᠭᠤᠯᠤᠨ ᠵᠦᠭᠡᠭᠡᠪᠦᠷᠢᠯᠡᠬᠦ ᠶᠠᠪᠤᠴᠠ ᠲᠤᠮᠲᠠᠬᠢ  ᠬᠤᠶᠠᠳᠠᠬᠢ ᠤᠲᠠᠭ᠎ᠠ ᠪᠤᠬᠢᠷᠲᠤᠯ ᠡᠬᠦᠰᠭᠡᠬᠦ ᠶᠠᠪᠤᠲᠠᠯ ᠢ ᠪᠠᠭᠠᠰᠬᠠᠵᠤ ᠴᠢᠲᠠᠨ᠎ᠠ᠃ ᠯᠢ ᠵᠢᠶᠠ ᠶᠢᠨ ᠬᠡᠯᠡᠬᠦ ᠪᠠᠷ᠂ ᠲᠠᠷᠬᠠᠯᠲᠠ ᠶᠢᠨ  ᠬᠡᠯᠪᠡᠷᠢ ᠪᠠᠷ ᠬᠤᠭᠤᠯᠠ ᠲᠤᠭᠤᠭᠠᠨ ᠭᠡᠷ ᠤᠨ ᠬᠤᠭ ᠨᠤᠪᠰᠢ ᠶᠢ ᠰᠡᠢᠳᠪᠦᠷᠢᠯᠡᠬᠦ ᠲᠤᠨᠤᠭ ᠲᠦᠬᠦᠭᠡᠷᠦᠮᠵᠢ ᠲᠤᠤᠷᠠᠬᠢ ᠬᠡᠲᠦᠨ ᠵᠦᠢᠯ ᠤᠨ  ᠤᠨᠴᠠᠯᠢᠭ ᠲᠠᠢ᠄ ᠬᠤᠭ ᠨᠤᠪᠰᠢ ᠶᠢ ᠰᠡᠢᠳᠪᠦᠷᠢᠯᠡᠬᠦ  ᠪᠤᠲᠠᠳᠤ ᠬᠡᠷᠡᠭᠴᠡᠭᠡ ᠶᠢ ᠦᠨᠲᠦᠰᠦᠯᠡᠨ ᠬᠦᠲᠡᠯᠦᠩᠭᠦᠢ ᠪᠠᠷ ᠪᠠᠶᠢᠷᠢᠰᠢᠭᠤᠯᠵᠤ᠂ ᠵᠡᠭᠡᠯᠢ ᠭᠤᠲᠤᠮᠵᠢ᠂ ᠰᠠᠭᠤᠭᠠᠯᠢᠴᠤᠳ ᠤᠨ  ᠲᠤᠭᠤᠷᠢᠭ᠂ ᠨᠡᠶᠢᠭᠡᠮ ᠲᠤᠭᠤᠷᠢᠭ᠂ ᠪᠠᠶᠢᠭᠤᠯᠭ᠎ᠠ᠂ ᠰᠤᠷᠭᠠᠭᠤᠯᠢ᠂ ᠦᠵᠡᠮᠦᠷᠢ ᠶᠢᠨ  ᠤᠷᠤᠨ᠂ ᠠᠷᠠᠯᠵᠢᠶ᠎ᠠ ᠬᠤᠲᠠᠯᠳᠤᠭᠠᠨ   ᠤ ᠲᠤᠭᠤᠷᠢᠭ ᠵᠡᠷᠭᠡ ᠳᠤ  ᠦᠢᠯᠡᠴᠢᠯᠠᠵᠤ ᠪᠤᠯᠤᠨ᠎ᠠ︔ ᠪᠡᠯᠡ  ᠤᠷᠤᠭᠤᠯᠵᠤ ᠪᠦᠲᠦᠭᠡᠨ ᠪᠠᠶᠢᠭᠤᠯᠬᠤ ᠴᠠᠭ ᠨᠢ  ᠲᠦᠷᠭᠡᠨ᠂ ᠤᠬᠤᠷᠬᠠᠨ ᠬᠤᠭᠤᠴᠠᠭᠠᠨ ᠳᠤ ᠠᠰᠢᠬᠯᠠᠯᠲᠠ ᠳᠤ ᠤᠷᠤᠭᠤᠯᠵᠤ ᠪᠤᠯᠤᠨ᠎ᠠ︔ ᠤᠯᠠᠨ ᠨᠡᠶᠢᠲᠡ ᠶᠢᠨ ᠡᠳ᠋ ᠮᠦᠩᠭᠦ  ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠲᠡᠭᠡᠭᠰᠢᠯᠡᠬᠦᠯᠵᠦ᠂ ᠬᠤᠭᠤᠯᠠ ᠲᠤᠭᠤᠭᠠᠨ ᠭᠡᠷ ᠤᠨ  ᠬᠤᠭ ᠨᠤᠪᠰᠢ  ᠶᠢ ᠰᠡᠢᠳᠪᠦᠷᠢᠯᠡᠬᠦ  ᠬᠦᠴᠦᠨ ᠮᠡᠬᠦᠰ ᠠᠰᠠᠭᠤᠲᠠᠯ ᠢ  ᠲᠦᠷᠭᠡᠨ ᠰᠡᠢᠳᠪᠦᠷᠢᠯᠠᠵᠤ ᠴᠢᠲᠠᠨ᠎ᠠ︔  ᠬᠦᠮᠦᠨ ᠠᠮᠠ ᠶᠢᠨ ᠬᠡᠪᠴᠢᠶ᠎ᠠ ᠶᠡᠭᠡ ᠪᠢᠰᠢ᠂ ᠬᠤᠭ ᠨᠤᠪᠰᠢ ᠰᠡᠢᠳᠪᠦᠷᠢᠯᠡᠬᠦ  ᠬᠡᠮᠵᠢᠶ᠎ᠡ ᠬᠠᠷᠢᠴᠠᠩᠭᠤᠢ ᠪᠠᠭ᠎ᠠ ᠤᠷᠤᠨ ᠪᠦᠰᠡ ᠳᠤ ᠲᠤᠬᠢᠷᠠᠨ᠎ᠠ᠂ ᠬᠤᠲᠠ ᠰᠠᠭᠤᠷᠢᠨ ᠤ ᠬᠤᠭ ᠨᠤᠪᠰᠢ ᠶᠢ ᠲᠦᠪᠯᠡᠷᠡᠬᠦᠯᠦᠨ ᠰᠡᠢᠳᠪᠦᠷᠢᠯᠡᠬᠦ ᠬᠦᠴᠦᠨ ᠮᠡᠬᠦᠰ᠂ ᠵᠦᠭᠡᠭᠡᠪᠦᠷᠢᠯᠡᠬᠦ ᠵᠠᠢ  ᠬᠤᠯᠠ᠂ ᠡᠲᠦᠷ ᠲᠤᠲᠤᠮ ᠤᠨ ᠠᠰᠢᠬᠯᠠᠯᠲᠠ ᠶᠢᠨ ᠦᠪᠡᠷ ᠤᠨ ᠦᠷᠲᠡᠭ ᠦᠨᠲᠦᠷ ᠠᠰᠠᠭᠤᠲᠠᠯ ᠢ ᠠᠮᠵᠢᠯᠲᠠᠲᠠᠢ ᠰᠡᠢᠳᠪᠦᠷᠢᠯᠡᠵᠦ ᠴᠢᠲᠠᠨ᠎ᠠ︔ ᠭᠠᠵᠠᠷ ᠡᠵᠡᠯᠡᠬᠦ ᠨᠢ ᠪᠠᠭ᠎ᠠ᠂ ᠤᠷᠤᠨ ᠪᠠᠶᠢᠷᠢ ᠶᠢᠨ ᠰᠤᠩᠭᠤᠯᠲᠠ ᠶᠢᠨ ᠲᠤᠬᠢᠷᠠᠮᠵᠢᠲᠤ ᠴᠢᠨᠠᠷ ᠴᠢᠩᠭ᠎ᠠ᠂   ᠰᠦᠯᠵᠢᠶᠡᠴᠢᠯᠡᠭᠰᠡᠨ ᠬᠠᠮᠢᠶᠠᠷᠤᠯᠲᠠ ᠪᠠᠷ ᠲᠠᠮᠵᠢᠨ ᠬᠤᠭᠤᠯᠠᠨ ᠭᠡᠷ ᠲᠤᠭᠤᠭᠠᠨ ᠭᠡᠷ ᠤᠨ ᠬᠤᠭ ᠨᠤᠪᠰᠢ ᠶᠢ ᠲᠤᠬᠠᠢ ᠤᠷᠤᠨ ᠳᠤᠨᠢ ᠰᠡᠢᠳᠪᠦᠷᠢᠯᠡᠵᠤ᠂ ᠬᠤᠯᠠ ᠵᠠᠢ ᠳᠤ ᠵᠦᠭᠡᠭᠡᠪᠦᠷᠢᠯᠡᠬᠦ ᠠᠴᠠ ᠰᠢᠯᠲᠠᠭᠠᠯᠠᠬᠰᠠᠨ ᠬᠤᠶᠠᠳᠠᠬᠢ ᠤᠲᠠᠭᠠᠨ ᠤ  ᠪᠤᠬᠢᠷᠲᠤᠯ ᠠᠴᠠ ᠵᠠᠶᠢᠯᠠᠰᠬᠢᠨ᠂ ᠠᠮᠢᠲᠤᠷᠠᠯ ᠤᠨ ᠬᠤᠭ ᠨᠤᠪᠰᠢ ᠶᠢ ᠡᠬᠢ ᠡᠬᠦᠰᠯ ᠠᠴᠠ ᠨᠢ ᠪᠠᠭᠠᠰᠬᠠᠬᠤ ᠳᠤ ᠠᠰᠢᠬᠲᠠᠢ︔ ᠮᠡᠷᠭᠡᠵᠢᠯ ᠲᠠᠪᠰᠢᠩᠭᠤᠢ᠂  ᠬᠤᠭ ᠨᠤᠪᠰᠢ ᠰᠡᠢᠪᠦᠷᠢᠯᠷᠬᠦ ᠶᠠᠪᠤᠴᠠ ᠳᠠᠬᠢ ᠦᠮᠡᠬᠡᠢ ᠦᠨᠦᠷ ᠭᠠᠷᠬᠤ ᠪᠠ ᠢᠯᠠᠭ᠎ᠠ ᠰᠢᠮᠠᠭᠤᠯ ᠵᠡᠷᠭᠡ ᠤᠷᠴᠢᠨ ᠲᠤᠭᠤᠷᠢᠨ  ᠤ  ᠠᠰᠠᠭᠤᠲᠠᠯ ᠢ ᠰᠡᠢᠳᠪᠦᠷᠢᠯᠡᠨ᠎ᠡ᠂ ᠡᠬᠦᠨ ᠤ ᠵᠡᠷᠭᠡᠲᠡ ᠲᠠᠭᠠᠯᠲᠠ ᠡᠬᠦᠰᠬᠦ ᠤᠷᠭᠠᠨᠢᠭ ᠪᠤᠷᠲᠤᠭᠤᠷ ᠢ ᠠᠰᠢᠬᠯᠠᠵᠤ᠂ ᠬᠤᠭ ᠨᠤᠪᠰᠢ   ᠶᠢᠨ  ᠬᠡᠮᠵᠢᠶ᠎ᠠ ᠶᠢ ᠪᠠᠭᠠᠰᠬᠠᠬᠤ᠂ ᠬᠤᠤᠷ᠎ᠠ ᠦᠭᠡᠶᠢᠲᠡᠭᠦᠯᠬᠦ ᠪᠡ ᠡᠳ᠋ ᠪᠠᠶᠠᠯᠢᠭ ᠪᠤᠯᠭᠠᠨ ᠠᠰᠢᠬᠯᠠᠬᠤ   ᠶᠢ ᠦᠨᠡᠨ ᠪᠤᠲᠠᠲᠠᠢ ᠪᠡᠶᠡᠯᠡᠬᠦᠯᠵᠦ ᠴᠢᠲᠠᠨ᠎ᠠ  ᠃  ︵ ︽ᠬᠦᠬᠡᠬᠤᠲᠠ ᠶᠢᠨ  ᠡᠲᠦᠷ ᠤᠨ  ᠰᠤᠨᠢᠨ︾   ᠤ   ᠰᠤᠷᠪᠤᠯᠵᠢᠯᠠᠭᠴᠢ   ᠰᠦᠨ ᠶᠤᠸᠠᠢ ᠯᠦᠩ︶          http://mongol.people.com.cn/15825260.html          
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号