ᠬᠥᠬᠡᠬᠤᠲᠠ ᠵᠠᠰᠠᠭ ᠦᠰᠦᠭ ﹇2020﹈ 149 ᠳ᠋ᠦ᠋ᠭᠡᠷ ᠲᠣᠭᠠᠲᠤ | 2020 ᠣᠨ ᠤ 9 ᠳ᠋ᠦ᠋ᠭᠡᠷ ᠰᠠᠷ᠎ᠠ ᠶᠢᠨ 9 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠦᠬᠦᠢ ᠨᠢᠭᠡᠴᠡ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠡᠳᠦᠭᠡ ︽ᠦᠨᠳᠦᠰᠦᠲᠡᠨ ᠤ | ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ ᠬᠢᠴᠢᠶᠡᠯᠯᠡᠬᠦ ᠪᠠᠭᠰᠢ | ᠨᠠᠷ ᠢ ᠬᠠᠶᠢᠷᠠᠯᠠᠵᠤ ᠬᠠᠯᠠᠮᠵᠢᠯᠠᠬᠤ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ ︾ ᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠲᠤᠭᠠᠢ᠃ | ᠦᠨᠳᠦᠰᠦᠲᠡᠨ ᠤ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ | ᠬᠢᠴᠢᠶᠡᠯᠯᠡᠬᠦ ᠪᠠᠭᠰᠢ ᠨᠠᠷ ᠢ ᠬᠠᠶᠢᠷᠠᠯᠠᠵᠤ ᠬᠠᠯᠠᠮᠵᠢᠯᠠᠬᠤ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ | ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠤᠨ ︽ᠪᠦᠬᠦ ᠤᠯᠤᠰ ᠤᠨ ᠶᠡᠭᠡ ᠳᠤᠮᠳᠠᠳᠤ ᠪᠠᠭ᠎ᠠ | ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ︵2019 - | 2020︶︾ ᠶᠢᠨ ᠲᠣᠬᠢᠷᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠥᠵᠢᠯ ᠤᠨ ᠲᠢᠩᠬᠢᠮ ᠠᠴᠠ ︽ᠪᠦᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ | ᠰᠤᠷᠭᠠᠭᠤᠯᠢ ᠨᠤᠭᠤᠳ ᠤᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠵᠡᠷᠭᠡ ᠶᠢᠨ ᠲᠤᠮᠳᠠᠳᠤ | ᠰᠤᠷᠭᠠᠭᠤᠯᠢ ᠶᠢᠨ ᠨᠢᠭᠡᠳᠦᠭᠡᠷ ᠣᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︿ᠬᠡᠯᠡ ᠪᠢᠴᠢᠭ﹀ ᠤᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠬᠡᠷᠡᠭᠵᠢᠭᠦᠯᠬᠦ ᠰᠠᠨᠠᠯ︾ ︵ᠥᠪᠥᠷ ᠰᠤᠷᠭᠠᠨ ᠲᠠᠷᠬᠠᠭᠠᠭᠰᠠᠨ ﹇2020﹈ 7 | ᠳ᠋ᠤᠭᠠᠷ ᠲᠣᠭᠠᠲᠤ︶ ᠢ ᠪᠠᠭᠤᠯᠭᠠᠪᠠ᠃ ᠮᠠᠨ ᠤ ᠬᠤᠲᠠ ᠶᠢᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ | ᠰᠤᠷᠭᠠᠭᠤᠯᠢ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠤᠷᠤᠭᠰᠢᠲᠠᠢ | ᠬᠡᠷᠡᠭᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ︽ᠬᠡᠯᠡ ᠪᠢᠴᠢᠭ︾᠂ ︽ | ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾ ᠪᠠ ︽ᠲᠡᠦᠬᠡ︾ ᠭᠤᠷᠪᠠᠨ ᠲᠥᠷᠥᠯ ᠤᠨ ᠬᠢᠴᠢᠶᠡᠯ ᠤᠨ | ᠪᠠᠭᠰᠢ ︵ᠳᠣᠷᠣᠭᠰᠢ ︿ᠮᠣᠩᠭᠤᠯ ᠬᠢᠲᠠᠳ ᠬᠤᠣᠰ ᠬᠡᠯᠡᠨ ᠤ ᠪᠠᠭᠰᠢ﹀ ᠭᠡᠵᠦ ᠳᠥᠭᠦᠮᠴᠢᠯᠡᠨ᠎ᠡ︶ ᠶᠢᠨ ︿ | ᠠᠵᠢᠯᠳᠠᠨ ᠤ ᠶᠠᠪᠤᠳᠠᠯ ᠤᠨᠪᠡᠶ᠎ᠡ ᠶᠢᠨ ᠭᠠᠷᠤᠯ᠂ ᠲᠤᠰᠢᠶᠠᠯ ᠮᠡᠷᠭᠡᠵᠢᠯ ᠤᠨ ᠴᠣᠯᠠ᠂ ᠴᠠᠯᠢᠩ ᠣᠯᠭᠤᠮᠵᠢ﹀ ᠶᠢ | ᠬᠤᠪᠢᠷᠠᠭᠤᠯᠬᠤ ᠦᠭᠡᠢ ᠰᠠᠭᠤᠷᠢᠨ ᠳᠡᠭᠡᠷ᠎ᠡ᠂ ᠨᠢᠭᠡᠨ ᠲᠣᠭᠲᠠᠭᠤᠨ ᠪᠥᠭᠡᠳ ᠲᠤᠰᠬᠠᠢ ᠮᠡᠷᠭᠡᠰᠢᠭᠰᠡᠨ ᠮᠣᠩᠭᠤᠯ | ᠬᠢᠲᠠᠳ ᠬᠤᠣᠰ ᠬᠡᠯᠡᠨ ᠤ ᠪᠠᠭᠰᠢ ᠶᠢᠨ ᠡᠩᠨᠡᠭᠡ ᠶᠢ ᠪᠠᠶᠢᠭᠤᠯᠬᠤ ᠶᠢᠨ ᠲᠤᠰᠠᠳᠠ ᠳᠣᠣᠷᠠᠬᠢ ᠠᠷᠭ᠎ᠠ | ᠬᠡᠮᠵᠢᠶ᠎ᠡ ᠨᠦᠭᠦᠳ ᠢ ᠲᠣᠭᠲᠠᠭᠠᠪᠠ᠄ | ᠨᠢᠭᠡ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠮᠣᠩᠭᠤᠯ ᠬᠢᠲᠠᠳ ᠬᠤᠣᠰ | ᠬᠡᠯᠡᠨ ᠤ ᠪᠠᠭᠰᠢ ᠶᠢ ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ᠎ᠠ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢᠨ ᠪᠠᠷᠢᠮᠵᠢᠶ᠎ᠠ ᠶᠣᠰᠣᠭᠠᠷ᠂ | ᠲᠣᠭᠲᠠᠭᠰᠠᠨ ᠬᠦᠷᠢᠶ᠎ᠡ ᠬᠡᠪᠴᠢᠶᠡᠨ ᠤ ᠳᠣᠲᠣᠷ᠎ᠠ᠂ ᠰᠢᠨ᠎ᠡ ᠪᠠᠷ ᠨᠡᠮᠡᠭᠳᠡᠭᠰᠡᠨ ᠦᠨᠳᠦᠰᠦᠲᠡᠨ ᠤ ᠬᠡᠯᠡ ᠪᠠᠷ | ᠬᠢᠴᠢᠶᠡᠯᠯᠡᠬᠦ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢᠨ ᠣᠷᠣᠨ ᠲᠤᠭ᠎ᠠ ᠶᠢ ᠲᠤᠰᠠᠭᠠᠷ | ᠭᠠᠷᠭᠠᠨ᠎ᠠ᠃ ᠮᠠᠨ ᠤ ᠬᠤᠲᠠ ᠶᠢᠨ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢ ᠡᠯᠰᠡᠨ ᠬᠡᠷᠡᠭᠯᠡᠬᠦ ᠵᠢᠴᠢ | ᠴᠢᠳᠠᠪᠤᠷᠢᠲᠠᠨ ᠤᠷᠢᠬᠤ ᠠᠵᠢᠯ ᠳᠤᠮᠳᠠ ᠨᠠᠰᠤ᠂ ᠰᠤᠷᠤᠯᠭ᠎ᠠ ᠶᠢᠨ ᠨᠠᠮᠲᠠᠷ ᠵᠡᠷᠭᠡ ᠨᠥᠬᠦᠴᠡᠯ ᠢ ᠵᠣᠬᠢᠰᠲᠠᠢ | ᠠᠭᠤᠵᠢᠭᠤ ᠲᠠᠯᠪᠢᠵᠤ᠂ ᠰᠢᠯᠢᠳᠡᠭ ᠢ ᠰᠣᠩᠭᠤᠨ ᠬᠡᠷᠡᠭᠯᠡᠨ᠎ᠡ᠃ | ᠬᠤᠶᠠᠷ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠮᠣᠩᠭᠤᠯ ᠬᠢᠲᠠᠳ ᠬᠤᠣᠰ | ᠬᠡᠯᠡᠨ ᠤ ᠪᠠᠭᠰᠢ ᠶᠢ ᠬᠥᠮᠥᠵᠢᠭᠦᠯᠬᠦ ᠲᠣᠭᠲᠠᠴᠠ ᠶᠢ ᠪᠠᠶᠢᠭᠤᠯᠤᠨ᠎ᠠ | 2020 ᠣᠨ ᠤ ᠨᠠᠮᠤᠷ ᠰᠤᠷᠭᠠᠭᠤᠯᠢ ᠡᠬᠢᠯᠡᠬᠦ ᠠᠴᠠ ᠡᠬᠢᠯᠡᠨ᠂ ᠬᠤᠲᠠ ᠶᠢᠨ ᠰᠤᠷᠭᠠᠨ ᠬᠥᠮᠥᠵᠢᠯ ᠤᠨ | ᠲᠣᠪᠴᠢᠶᠠᠨ ᠠᠴᠠ ᠰᠤᠷᠤᠯᠭ᠎ᠠ ᠶᠢᠨ ᠬᠤᠭᠤᠴᠠᠭ᠎ᠠ ᠪᠦᠷᠢ ᠮᠣᠩᠭᠤᠯ ᠬᠢᠲᠠᠳ ᠬᠤᠣᠰ ᠬᠡᠯᠡᠨ ᠤ ᠪᠠᠭᠰᠢ ᠨᠠᠷ ᠢ | ᠵᠣᠬᠢᠶᠠᠨ ᠪᠠᠶᠢᠭᠤᠯᠤᠨ ᠨᠡᠶᠢᠲᠡᠯᠢᠭ ᠬᠡᠯᠡ ᠶᠢᠨ ᠬᠢᠷᠢ ᠲᠦᠪᠰᠢᠨ ᠤ ᠪᠣᠯᠪᠠᠰᠤᠷᠠᠭᠤᠯᠤᠯ ᠪᠣᠯᠣᠨ ᠰᠢᠯᠭᠠᠯᠲᠠ ᠬᠢᠵᠦ᠂ | ᠨᠡᠶᠢᠲᠡᠯᠢᠭ ᠬᠡᠯᠡ ᠶᠢᠨ ᠰᠢᠯᠭᠠᠯᠲᠠ ᠳᠤ ᠬᠢᠷᠢ ᠲᠡᠩᠴᠡᠭᠰᠡᠨ ᠳᠤ ᠰᠤᠷᠭᠠᠨ ᠬᠥᠮᠥᠵᠢᠯ ᠤᠨ ᠲᠣᠪᠴᠢᠶᠠᠨ ᠠᠴᠠ ︽ | ᠬᠥᠬᠡᠬᠤᠲᠠ ᠶᠢᠨ ᠮᠣᠩᠭᠤᠯ ᠬᠢᠲᠠᠳ ᠬᠤᠣᠰ ᠬᠡᠯᠡᠨ︾ ᠤ ᠪᠠᠭᠰᠢ ᠶᠢᠨ ᠦᠨᠡᠮᠯᠡᠯ ᠣᠯᠭᠤᠨ᠎ᠠ᠃ ᠮᠣᠩᠭᠤᠯ ᠬᠢᠲᠠᠳ | ᠬᠤᠣᠰ ᠬᠡᠯᠡᠨ ᠤ ᠪᠠᠭᠰᠢ ᠶᠢᠨ ᠦᠨᠡᠮᠯᠡᠯ ᠢ ᠣᠯᠣᠭᠰᠠᠨ ᠪᠠᠭᠰᠢ ᠳᠤ ᠤᠷᠢᠳᠠᠪᠠᠷ ᠲᠤᠰᠬᠠᠢ ᠮᠡᠷᠭᠡᠵᠢᠯ ᠤᠨ ᠴᠣᠯᠠ | ᠲᠤᠭᠲᠠᠭᠠᠵᠤ ᠲᠣᠮᠢᠯᠠᠵᠤ ᠬᠡᠷᠡᠭᠯᠡᠨ᠎ᠡ᠃ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ | ᠭᠤᠷᠪᠠᠨ ᠲᠥᠷᠥᠯ ᠤᠨ ᠬᠢᠴᠢᠶᠡᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ | ᠮᠣᠩᠭᠤᠯ ᠬᠢᠲᠠᠳ ᠬᠤᠣᠰ ᠬᠡᠯᠡᠨ ᠤ ᠪᠠᠭᠰᠢ ᠲᠤᠰᠬᠠᠢ ᠮᠡᠷᠭᠡᠵᠢᠯ ᠤᠨ ᠬᠢᠷᠢ ᠬᠡᠮ ᠢ ᠭᠤᠶᠤᠴᠢᠯᠠᠨ | ᠮᠡᠳᠡᠭᠦᠯᠦᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠬᠢᠷᠢ ᠲᠦᠪᠰᠢᠨ ᠢ ᠦᠨᠡᠯᠡᠬᠦ ᠪᠠᠷᠢᠮᠵᠢᠶ᠎ᠠ ᠨᠥᠬᠦᠴᠡᠯ ︵ᠲᠤᠷᠰᠢᠨ ᠬᠡᠷᠡᠭᠵᠢᠭᠦᠯᠬᠦ︶︾ | ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠳᠠᠯ ᠳᠣᠣᠷ᠎ᠠ᠂ ᠲᠤᠰ ᠨᠢᠭᠡᠴᠡ ᠶᠢᠨ ᠳᠤᠮᠳᠠ ᠳᠡᠭᠡᠳᠦ ᠲᠡᠰ ᠤᠨ | ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠵᠣᠬᠢᠰᠲᠠᠢ ᠨᠡᠮᠡᠭᠳᠡᠭᠦᠯᠵᠦ ᠪᠣᠯᠣᠨ᠎ᠠ︔ ᠳᠣᠣᠷ᠎ᠠ ᠨᠢᠭᠡ | ᠲᠡᠰ ᠤᠨ ᠠᠵᠢᠯ ᠤᠨ ᠪᠠᠶᠢᠷᠢ ᠳᠤ ᠲᠣᠮᠢᠯᠠᠭᠳᠠᠨ ᠠᠵᠢᠯᠯᠠᠭᠰᠠᠨ ᠴᠠᠭ ᠬᠤᠭᠤᠴᠠᠭᠠᠨ ᠤ ᠬᠢᠵᠠᠭᠠᠷᠯᠠᠯ ᠳᠤ | ᠬᠢᠵᠠᠭᠠᠷᠯᠠᠭᠳᠠᠬᠤ ᠦᠭᠡᠢ ᠪᠠᠶᠢᠵᠤ᠂ ᠤᠷᠢᠳᠠᠪᠠᠷ ᠲᠠᠨᠢᠯᠴᠠᠭᠤᠯᠤᠨ ᠭᠤᠶᠤᠴᠢᠯᠠᠨ ᠮᠡᠳᠡᠭᠦᠯᠵᠦ᠂ ᠤᠷᠢᠳᠠᠪᠠᠷ ᠦᠨᠡᠯᠡᠨ | ᠤᠷᠢᠨ ᠬᠡᠷᠡᠭᠯᠡᠵᠦ᠂ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠳᠤ ᠠᠳᠠᠯᠢ ᠨᠥᠬᠦᠴᠡᠯ ᠤᠨ ᠳᠣᠤᠷ᠎ᠠ | ᠬᠡᠯᠪᠠᠶᠢᠯᠭᠡᠨ᠎ᠡ᠃ | ᠭᠤᠷᠪᠠ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠰᠢᠯᠵᠢᠯᠲᠡ ᠶᠢᠨ | ᠬᠤᠭᠤᠴᠠᠭᠠᠨ ᠤ ᠲᠤᠰᠬᠠᠢ ᠪᠠ ᠲᠤᠰᠢᠶᠠᠯ ᠬᠠᠪᠰᠤᠷᠭᠠᠭᠰᠠᠨ ᠬᠠᠪᠰᠤᠷᠤᠨ ᠵᠢᠯᠣᠭᠤᠳᠤᠭᠴᠢ ᠶᠢᠨ ᠳᠦᠷᠢᠮ ᠢ | ᠪᠠᠶᠢᠭᠤᠯᠤᠨ᠎ᠠ | ᠠᠵᠢᠯ ᠤᠨ ᠪᠠᠶᠢᠷᠢᠨ ᠳᠠᠭᠠᠨ ᠪᠠᠶᠢᠭ᠎ᠠ ᠪᠠᠭᠰᠢ᠂ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢᠨ ᠲᠤᠰᠬᠠᠢ | ᠪᠠ ᠲᠤᠰᠢᠶᠠᠯ ᠬᠠᠪᠰᠤᠷᠭᠠᠭᠰᠠᠨ ᠬᠠᠪᠰᠤᠷᠤᠨ ᠵᠢᠯᠣᠭᠤᠳᠤᠭᠴᠢ ᠪᠣᠯᠬᠤ ᠶᠢ ᠵᠣᠷᠢᠭᠵᠢᠭᠤᠯᠵᠤ᠂ ᠤᠯᠤᠰ ᠤᠨ | ᠨᠡᠶᠢᠳᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ ᠳᠤ ᠬᠦᠴᠢᠷᠲᠡᠢ ᠰᠤᠷᠤᠭᠴᠢᠳ ᠲᠤ | ᠬᠢᠴᠢᠶᠡᠯ ᠤᠨ ᠭᠠᠳᠠᠨᠠᠬᠢ ᠦᠢᠯᠡᠴᠢᠯᠡᠭᠡ ᠬᠠᠩᠭᠠᠵᠤ᠂ ᠠᠳᠠᠯᠢ ᠪᠤᠰᠤ ᠰᠤᠷᠤᠯᠭ᠎ᠠ ᠶᠢᠨ ᠬᠢᠷᠢ ᠲᠦᠪᠰᠢᠨ ᠲᠠᠢ | ᠰᠤᠷᠤᠭᠴᠢᠳ ᠲᠤ ᠬᠠᠨᠳᠤᠭᠤᠯᠤᠨ ᠤᠯᠤᠰ ᠤᠨ ᠨᠡᠶᠢᠳᠡᠮ ᠬᠡᠷᠡᠭᠯᠡᠭᠡᠨ ᠤ ᠵᠢᠭᠠᠬᠤ ᠮᠠᠲ᠋ᠧᠷᠢᠶᠠᠯ ᠤᠨ ᠬᠢᠴᠢᠶᠡᠯ ᠢ ᠲᠡᠰ | ᠬᠤᠪᠢᠶᠠᠨ ᠵᠢᠯᠣᠭᠤᠳᠤᠨ᠎ᠠ᠃ ᠡᠯ᠎ᠡ ᠰᠤᠷᠭᠠᠭᠤᠯᠢ ᠪᠠᠰᠠ ᠨᠡᠶᠢᠭᠡᠮ ᠤᠨ ᠰᠠᠶᠢᠨ ᠳᠤᠷ᠎ᠠ ᠶᠢᠨ ᠬᠥᠮᠥᠰ᠂ | ᠠᠵᠢᠯ ᠠᠴᠠ ᠪᠠᠨ ᠠᠮᠠᠷᠠᠭᠰᠠᠨ ᠮᠣᠩᠭᠤᠯ ᠬᠢᠲᠠᠳ ᠬᠤᠣᠰ ᠬᠡᠯᠡᠨ ᠤ ᠺᠠᠳ᠋ᠷᠴᠤᠳ ︵ᠪᠠᠭᠰᠢᠨᠠᠷ︶ ᠢ ᠳᠠᠶᠢᠴᠢᠯᠠᠬᠤ᠂ | ᠨᠡᠶᠢᠭᠡᠮ ᠳᠡᠭᠡᠷᠡᠬᠢ ᠬᠢᠷᠢ ᠬᠡᠮ ᠲᠠᠢ ᠭᠤᠷᠪᠠᠳᠠᠭᠢ ᠡᠲᠡᠭᠡᠳ ᠤᠨ ᠦᠢᠯᠡᠴᠢᠯᠡᠭᠡ ᠶᠢ ᠬᠤᠳᠠᠯᠳᠤᠨ ᠠᠪᠬᠤ ᠵᠡᠷᠭᠡ | ᠠᠷᠭ᠎ᠠ ᠮᠠᠶ᠋ᠢᠭ ᠢᠶᠠᠷ ᠰᠤᠷᠭᠠᠭᠤᠯᠢ ᠳᠤ ᠠᠪᠴᠢᠷᠠᠨ ᠦᠢᠯᠡᠴᠢᠯᠡᠭᠦᠯᠵᠦ ᠪᠣᠯᠣᠨ᠎ᠠ᠃ ᠬᠢᠴᠢᠶᠡᠯ ᠤᠨ ᠭᠠᠳᠠᠨᠠᠬᠢ | ᠦᠢᠯᠡᠴᠢᠯᠡᠭᠡ ᠶᠢ ᠰᠤᠷᠤᠭᠴᠢᠳ ᠰᠠᠶᠢᠨ ᠳᠤᠷ᠎ᠠ ᠠᠴᠠ ᠪᠠᠨ ᠭᠤᠶᠤᠴᠢᠯᠠᠨ᠂ ᠰᠤᠷᠭᠠᠭᠤᠯᠢ ᠠᠴᠠ ᠨᠢᠭᠡᠳᠦᠯᠲᠡᠢ | ᠲᠥᠯᠥᠪᠵᠢᠭᠦᠯᠦᠨ ᠲᠣᠬᠢᠷᠠᠭᠤᠯᠵᠤ᠂ ᠬᠢᠴᠢᠶᠡᠯ ᠤᠨ ᠭᠠᠳᠠᠨᠠᠬᠢ ᠦᠢᠯᠡᠴᠢᠯᠡᠭᠡ ᠡᠩ ᠤᠨ ᠬᠢᠴᠢᠶᠡᠯ ᠤᠨ ᠴᠠᠭ ᠤᠨ | ᠲᠣᠬᠢᠷᠠᠭᠤᠯᠭ᠎ᠠ ᠶᠢ ᠡᠵᠡᠯᠡᠵᠦ ᠪᠣᠯᠬᠤ ᠦᠭᠡᠢ᠃ ᠬᠠᠪᠰᠤᠷᠤᠨ ᠵᠢᠯᠣᠭᠤᠳᠤᠭᠴᠢ ᠪᠦᠷᠢ 5 - 10 ᠰᠤᠷᠤᠭᠴᠢ ᠶᠢ | ᠵᠢᠯᠣᠭᠤᠳᠴᠤ᠂ ᠰᠤᠷᠭᠠᠭᠤᠯᠢ ᠳᠤ ᠵᠢᠯᠣᠭᠤᠳᠤᠭᠰᠠᠨ ᠬᠢᠴᠢᠶᠡᠯ ᠤᠨ ᠴᠠᠭ ᠢ ᠪᠠᠭᠰᠢ ᠶᠢᠨ ᠠᠵᠢᠯ ᠤᠨ ᠬᠡᠮᠵᠢᠶ᠎ᠡ ᠳᠤ | ᠪᠣᠳᠣᠨ ᠣᠷᠣᠭᠤᠯᠵᠤ᠂ ᠬᠢᠴᠢᠶᠡᠯ ᠤᠨ ᠴᠠᠭ ᠠᠴᠠ ᠬᠡᠲᠦᠷᠡᠭᠰᠡᠨ ᠳᠤ ᠬᠠᠷᠠᠭᠠᠯᠵᠠᠭᠰᠠᠨ ᠣᠯᠭᠤᠮᠵᠢ ᠣᠯᠭᠤᠨ᠎ᠠ᠃ | ᠪᠤᠰᠤᠳ ᠨᠡᠶᠢᠭᠡᠮ ᠤᠨ ᠬᠦᠴᠦᠨ ᠠᠴᠠ ᠬᠢᠴᠢᠶᠡᠯ ᠤᠨ ᠭᠠᠳᠠᠨᠠᠬᠢ ᠵᠢᠯᠣᠭᠤᠳᠤᠯᠭ᠎ᠠ ᠳᠤ ᠣᠷᠣᠯᠴᠠᠭᠰᠠᠨ ᠳᠤ ᠵᠣᠬᠢᠬᠤ | ᠨᠥᠬᠦᠪᠦᠷᠢ ᠣᠯᠭᠤᠵᠤ ᠪᠣᠯᠣᠨ᠎ᠠ᠃ | ᠳᠥᠷᠪᠡ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠮᠣᠩᠭᠤᠯ ᠬᠢᠲᠠᠳ | ᠬᠤᠣᠰ ᠬᠡᠯᠡᠨ ᠤ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ | ᠮᠠᠨ ᠤ ᠬᠤᠲᠠ ︽ᠪᠦᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︿ᠬᠡᠯᠡ ᠪᠢᠴᠢᠭ﹀ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ | ᠨᠠᠶᠢᠳᠠᠪᠤᠷᠢᠵᠢᠭᠤᠯᠵᠤ ᠪᠠᠭᠰᠢ ᠶᠢᠨ ᠪᠣᠯᠪᠠᠰᠤᠷᠠᠭᠤᠯᠤᠯ ᠢ ᠠᠬᠢᠭᠤᠯᠬᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ | ᠲᠠᠷᠬᠠᠭᠠᠵᠤ᠂ ᠮᠣᠩᠭᠤᠯ ᠬᠢᠲᠠᠳ ᠬᠤᠣᠰ ᠬᠡᠯᠡᠨ ᠤ ᠪᠠᠭᠰᠢ ᠳᠤ ᠲᠥᠯᠥᠪᠦᠷᠢ ᠦᠭᠡᠢ ᠪᠠᠷ ᠠᠵᠢᠯ ᠮᠡᠷᠭᠡᠵᠢᠯ ᠤᠨ | ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠬᠦᠷᠲᠡᠭᠡᠵᠦ᠂ ᠪᠣᠯᠪᠠᠰᠤᠷᠠᠭᠤᠯᠤᠯ ᠳᠤ ᠣᠷᠣᠯᠴᠠᠭᠰᠠᠨ ᠴᠠᠭ ᠢ | ᠪᠠᠭᠰᠢ ᠶᠢᠨ ᠠᠵᠢᠯ ᠤᠨ ᠬᠡᠮᠵᠢᠶ᠎ᠡ ᠳᠤ ᠪᠣᠳᠣᠨ ᠣᠷᠣᠭᠤᠯᠤᠨ᠎ᠠ᠃ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢ | ᠪᠦᠬᠦᠨ ᠢ ᠬᠥᠬᠡᠬᠤᠲᠠ ᠶᠢᠨ ᠬᠤᠶᠠᠳᠤᠭᠠᠷ ᠡᠭᠡᠯᠵᠢ ᠶᠢᠨ ︽ᠨᠡᠷᠡᠲᠦ ᠪᠠᠭᠰᠢ ᠶᠢᠨ ᠢᠨᠵᠧᠨᠧᠷᠢᠩ︾ ᠳᠤ ᠣᠷᠣᠭᠤᠯᠵᠤ | ᠂ ᠬᠢᠴᠢᠶᠡᠯ ᠲᠥᠷᠥᠯ ᠤᠨ ᠨᠡᠷᠡᠲᠦ ᠪᠠᠭᠰᠢ ᠶᠢᠨ ᠠᠵᠢᠯ ᠤᠨ ᠭᠡᠷ ᠢᠶᠠᠷ ᠨᠢᠭᠡᠴᠢ ᠪᠣᠯᠭᠠᠨ᠂ ᠬᠠᠨᠳᠤᠯᠭᠠᠲᠤ ᠴᠢᠨᠠᠷ ᠲᠠᠢ | ᠰᠢᠷᠢᠰ ᠠᠵᠢᠯᠯᠠᠭ᠎ᠠ ᠥᠷᠨᠢᠭᠦᠯᠵᠦ᠂ ᠲᠥᠪᠯᠡᠷᠡᠭᠦᠯᠦᠨ ᠪᠣᠯᠪᠠᠰᠤᠷᠠᠭᠤᠯᠬᠤ᠂ ᠰᠦᠯᠵᠢᠶᠡᠨ ᠳᠡᠭᠡᠷ᠎ᠡ ᠪᠣᠯᠪᠠᠰᠤᠷᠠᠭᠤᠯᠬᠤ᠂ | ᠰᠤᠷᠭᠠᠭᠤᠯᠢ ᠳᠠᠭᠠᠨ ᠰᠤᠳᠤᠯᠤᠨ ᠰᠤᠷᠤᠯᠴᠠᠬᠤ ᠵᠢᠴᠢ ︽ᠨᠢᠭᠡ ᠳᠤ ᠨᠢᠭᠡ ᠬᠠᠷᠠᠭᠠᠯᠵᠠᠭᠰᠠᠨ︾ ᠠᠵᠢᠯ ᠤᠨ | ᠪᠠᠶᠢᠷᠢ ᠶᠢ ᠳᠠᠭᠠᠵᠤ ᠪᠣᠯᠪᠠᠰᠤᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠲᠤᠰᠬᠠᠢ ᠰᠡᠳᠦᠪ ᠤᠨ᠂ ᠰᠢᠰᠲ᠋ᠧᠮ ᠲᠠᠢ᠂ | ᠰᠦᠪᠡᠭᠴᠢᠯᠡᠯᠲᠡ ᠶᠢᠨ ᠴᠢᠨᠠᠷᠲᠠᠢ ᠰᠤᠷᠤᠯᠴᠠᠯᠭ᠎ᠠ ᠰᠤᠳᠤᠯᠤᠯᠲᠠ ᠬᠢᠵᠦ᠂ ᠮᠣᠩᠭᠤᠯ ᠬᠢᠲᠠᠳ ᠬᠤᠣᠰ ᠬᠡᠯᠡᠨ ᠤ | ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠪᠠᠲᠤᠯᠠᠭ᠎ᠠ ᠬᠠᠩᠭᠠᠨ᠎ᠠ᠃ | ᠲᠠᠪᠤ᠂ ᠬᠥᠬᠡᠬᠤᠲᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠬᠡᠯᠡ | ᠪᠢᠴᠢᠭ︾᠂ ︽ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾᠂ ︽ᠲᠡᠦᠬᠡ︾ ᠶᠢᠨ ᠬᠢᠴᠢᠶᠡᠯ ᠤᠨ ᠬᠤᠣᠰ | ᠬᠡᠯᠡᠨ ᠤ ᠵᠢᠭᠠᠨ ᠰᠤᠷᠭᠠᠯᠲᠠ ᠶᠢᠨ ᠲᠤᠰᠠᠯᠠᠬᠤ ᠡᠬᠢ ᠪᠠᠶᠠᠯᠢᠭ ᠢ ᠪᠠᠶᠢᠭᠤᠯᠤᠨ᠎ᠠ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠡᠭᠦᠯᠡᠨ ᠲᠠᠪᠴᠠᠩ᠂ ᠮᠣᠩᠭᠤᠯ ᠬᠡᠯᠡᠨ ᠤ ᠡᠬᠢ | ᠪᠠᠶᠠᠯᠢᠭ ᠤᠨ ᠰᠦᠯᠵᠢᠶ᠎ᠡ ᠪᠠ ᠥᠪᠥᠷ ᠮᠣᠩᠭᠤᠯ ᠤᠨ ᠤᠲᠠᠰᠤᠲᠤ ᠲᠧᠯᠸᠢᠰ ᠤᠨ ︽ᠢᠵᠢᠯ ᠠᠯᠬᠤᠮᠲᠤ ᠬᠢᠴᠢᠶᠡᠯ ᠤᠨ | ᠲᠠᠩᠬᠢᠮ︾ ᠵᠡᠷᠭᠡ ᠰᠤᠷᠭᠠᠨ ᠬᠥᠮᠥᠵᠢᠯ ᠤᠨ ᠡᠬᠢ ᠪᠠᠶᠠᠯᠢᠭ ᠢ ᠠᠰᠢᠭᠯᠠᠨ᠂ ᠪᠠᠭᠰᠢ ᠶᠢᠨ ᠲᠤᠰᠬᠠᠢ ᠲᠥᠷᠥᠯ ᠤᠨ | ᠴᠢᠳᠠᠪᠤᠷᠢ ᠶᠢ ᠳᠡᠭᠡᠭᠰᠢᠯᠡᠭᠦᠯᠬᠦ ᠠᠷᠭ᠎ᠠ ᠪᠣᠳᠣᠯᠭ᠎ᠠ ᠶᠢ ᠰᠤᠳᠤᠯᠵᠤ᠂ ᠪᠠᠭᠰᠢ ᠨᠠᠷ ᠲᠤ ᠵᠢᠭᠠᠬᠤ ᠮᠠᠲ᠋ᠧᠷᠢᠶᠠᠯ ᠢ | ᠨᠠᠶᠢᠷᠠᠭᠤᠯᠤᠭᠰᠠᠨ ᠣᠨᠣᠯᠵᠢᠬᠤᠨ᠂ ᠨᠠᠶᠢᠷᠠᠭᠤᠯᠤᠨ ᠪᠢᠴᠢᠭᠰᠡᠨ ᠬᠡᠯᠪᠡᠷᠢ᠂ ᠪᠣᠳᠠᠲᠠᠢ ᠠᠭᠤᠯᠭ᠎ᠠ ᠪᠠ ᠱᠠᠭᠠᠷᠳᠠᠯᠭ᠎ᠠ ᠶᠢ | ᠲᠣᠳᠣᠷᠬᠠᠢ ᠲᠠᠨᠢᠭᠤᠯᠤᠨ᠎ᠠ᠃ ᠬᠥᠬᠡᠬᠤᠲᠠ ᠶᠢᠨ ᠰᠤᠷᠭᠠᠨ ᠬᠥᠮᠥᠵᠢᠯ ᠤᠨ ᠡᠭᠦᠯᠡᠨ ᠲᠠᠪᠴᠠᠩ ᠢᠶᠠᠷ ᠳᠠᠮᠵᠢᠭᠤᠯᠤᠨ᠂ | ᠬᠢᠴᠢᠶᠡᠯ ᠤᠨ ᠰᠤᠳᠤᠯᠤᠯᠲᠠ᠂ ᠬᠡᠷᠡᠭ ᠤᠨ ᠵᠢᠱᠢᠶ᠎ᠡ ᠶᠢ ᠳᠡᠯᠭᠡᠨ ᠦᠵᠡᠭᠦᠯᠬᠦ ᠶᠢ ᠴᠢᠩᠭᠠᠳᠬᠠᠨ᠂ ᠮᠣᠩᠭᠤᠯ ᠬᠢᠲᠠᠳ | ᠬᠤᠣᠰ ᠬᠡᠯᠡᠨ ᠤ ᠪᠠᠭᠰᠢ ᠶᠢᠨ ᠵᠢᠭᠠᠨ ᠰᠤᠷᠭᠠᠯᠲᠠ ᠪᠠ ᠪᠣᠯᠪᠠᠰᠤᠷᠠᠭᠤᠯᠤᠯ ᠳᠤ ᠬᠡᠷᠡᠭᠯᠡᠭᠦᠯᠵᠦ᠂ ᠭᠠᠵᠠᠷ ᠣᠷᠣᠨ᠂ | ᠰᠤᠷᠭᠠᠭᠤᠯᠢ᠂ ᠰᠤᠷᠤᠯᠭ᠎ᠠ ᠶᠢᠨ ᠱᠠᠲᠤᠨ ᠳᠤ ᠪᠦᠬᠦᠨ ᠢ ᠪᠦᠷᠬᠦᠭᠦᠯᠬᠦ ᠪᠠᠷ ᠴᠢᠷᠮᠠᠶᠢᠨ᠎ᠠ᠃ | ᠵᠢᠷᠭᠤᠭ᠎ᠠ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠬᠡᠯᠡ ᠪᠢᠴᠢᠭ︾᠂ ︽ᠶᠣᠰᠣ ᠰᠤᠷᠲᠠᠬᠤᠨ ᠬᠢᠭᠡᠳ | ᠬᠠᠤᠯᠢ ᠪᠠᠷ ᠵᠠᠰᠠᠬᠤᠢ︾᠂ ︽ᠲᠡᠦᠬᠡ︾ ᠶᠢᠨ ᠬᠢᠴᠢᠶᠡᠯ ᠢ ᠦᠨᠡᠯᠡᠬᠦ ᠪᠠᠷᠢᠮᠵᠢᠶ᠎ᠠ ᠳᠤ ᠵᠣᠬᠢᠬᠤ ᠲᠣᠬᠢᠷᠠᠭᠤᠯᠤᠯᠲᠠ | ᠬᠢᠨ᠎ᠡ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠮᠠᠨ ᠤ ᠬᠤᠲᠠ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ | ᠰᠤᠷᠤᠭᠴᠢᠳ ᠤᠨ ᠲᠠᠨᠢᠬᠤᠢ ᠶᠢᠨ ᠬᠢᠷᠢ ᠲᠦᠪᠰᠢᠨ ᠪᠠ ᠬᠢᠴᠢᠶᠡᠯ ᠤᠨ ᠴᠠᠭ ᠤᠨ ᠪᠦᠲᠦᠴᠡ ᠶᠢ ᠦᠨᠳᠦᠰᠦᠯᠡᠨ᠂ | ᠵᠢᠭᠠᠨ ᠰᠤᠷᠭᠠᠯᠲᠠ ᠶᠢᠨ ᠬᠠᠷᠠᠯᠲᠠ ᠪᠠᠨ ᠵᠦᠢ ᠵᠣᠬᠢᠰᠲᠠᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠢᠴᠢᠶᠡᠯ ᠤᠨ | ᠬᠡᠯᠪᠡᠷᠢ ᠶᠢ ᠠᠮᠢᠳᠤᠯᠢᠭ ᠲᠣᠬᠢᠷᠠᠭᠤᠯᠤᠨ᠂ ︽ᠬᠥᠬᠡᠬᠤᠲᠠ ᠶᠢᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ | ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠯᠭᠰᠠᠨ ᠵᠢᠭᠠᠬᠤ ᠮᠠᠲ᠋ᠧᠷᠢᠶᠠᠯ ᠤᠨ ᠡᠯ᠎ᠡ ᠬᠢᠴᠢᠶᠡᠯ | ᠲᠥᠷᠥᠯ ᠢ ᠦᠨᠡᠯᠡᠬᠦ ᠪᠠᠷᠢᠮᠵᠢᠶ᠎ᠠ︾ ᠶᠢ ᠰᠤᠳᠤᠯᠤᠨ ᠲᠣᠭᠲᠠᠭᠠᠨ᠎ᠠ᠃ ᠰᠤᠷᠭᠠᠭᠤᠯᠢ ᠳᠠᠩ ᠭᠠᠭᠴᠠ | ᠰᠤᠷᠤᠭᠴᠢᠳ ᠤᠨ ᠰᠢᠯᠭᠠᠯᠲᠠ ᠶᠢᠨ ᠬᠢᠷᠢ ᠪᠦᠲᠦᠮᠵᠢ ᠪᠠᠷ ᠭᠤᠷᠪᠠᠨ ᠲᠥᠷᠥᠯ ᠤᠨ ᠬᠢᠴᠢᠶᠡᠯ ᠳᠤ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠨ᠂ ᠤᠯᠤᠰ ᠤᠨ ᠨᠡᠶᠢᠳᠡᠮ ᠬᠡᠷᠡᠭᠯᠡᠭᠡᠨ ᠤ ᠦᠭᠡ | ᠬᠡᠯᠡ ᠦᠰᠦᠭ ᠪᠢᠴᠢᠭ ᠢᠶᠠᠷ ᠬᠢᠴᠢᠶᠡᠯᠯᠡᠵᠦ ᠪᠠᠶᠢᠭ᠎ᠠ ᠪᠠᠭᠰᠢ ᠳᠤ ᠵᠢᠭᠠᠨ ᠰᠤᠷᠭᠠᠯᠲᠠ ᠶᠢᠨ ᠦᠨᠡᠯᠡᠯᠲᠡ ᠬᠢᠵᠦ ᠪᠣᠯᠬᠤ | ᠦᠭᠡᠢ᠃ |