ᠭᠦᠢᠴᠡᠳᠭᠡᠬᠦ ᠶᠠᠪᠤᠴᠠ ᠶᠢ ᠲᠦᠲᠡ ᠪᠤᠯᠭᠠᠭᠰᠠᠨ ᠠᠴᠠ ᠬᠦᠬᠡᠬᠤᠲᠡ ᠶᠢᠨ ᠳᠠᠭᠠᠳᠬᠠᠯ ᠳᠤ ᠤᠷᠤᠯᠴᠠᠭᠰᠠᠨ ᠤᠶᠤᠲᠠᠳ ᠡᠮᠨᠡᠯᠭᠡ ᠶᠢᠨ ᠲᠤᠭᠠᠴᠠᠭ᠎ᠠ ᠬᠢᠬᠦ ᠳᠤ ᠨᠡᠩ ᠲᠦᠭᠦᠮ ᠪᠤᠯᠪᠠ
ᠨᠡᠶᠢᠲᠡᠯᠡᠭᠰᠡᠨ ᠴᠠᠭ᠄
2020/9/25
      ᠳᠠᠭᠠᠳᠬᠠᠯ ᠳᠤ ᠤᠷᠤᠯᠴᠠᠭᠰᠠᠨ‌ᠤᠶᠤᠲᠠᠳ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠴᠠᠭ ᠲᠤᠬᠠᠢ ᠳᠤᠨᠢ ᠬᠦᠷᠲᠡᠬᠦ ᠳᠤ ᠲᠦᠭᠦᠮ ᠦᠵᠡᠭᠦᠯᠬᠦ ᠶᠢᠨ ᠲᠤᠯᠠᠲᠠ᠂ ᠬᠤᠲᠠ  ᠶᠢᠨ ᠡᠮᠨᠡᠯᠭᠡ ᠶᠢᠨ ᠪᠠᠲᠤᠯᠠᠭ᠎ᠠ ᠶᠢᠨ ᠲᠤᠪᠴᠢᠶ᠎ᠠ  ᠭᠦᠢᠴᠡᠳᠭᠡᠬᠦ ᠶᠠᠪᠤᠴᠠ ᠶᠢ  ᠤᠯᠠᠮ ᠲᠦᠲᠡᠴᠢᠯᠡᠵᠦ᠂ ᠤᠶᠤᠲᠠᠳ ᠬᠤᠲᠠ ᠬᠦᠳᠡᠭᠡ ᠶᠢᠨ ᠡᠮᠨᠡᠯᠭᠡ ᠶᠢᠨ  ᠬᠤᠯᠪᠤᠭᠳᠠᠯ ᠪᠦᠬᠦᠢ ᠬᠠᠷᠠᠭᠠᠯᠵᠠᠯ ᠢ  ᠨᠡᠩ ᠬᠤᠷᠳᠤᠨ᠂ ᠨᠡᠩ ᠰᠠᠶᠢᠨ᠂ ᠨᠡᠩ ᠰᠢᠯᠤᠭᠤᠬᠠᠨ ᠬᠦᠷᠲᠡᠬᠦ ᠪᠤᠯᠭᠠᠵᠠᠢ᠃      ︽ ᠰᠤᠷᠤᠭᠴᠢ ᠶᠢᠨ ᠦᠨᠡᠮᠯᠡᠯ︾   ᠢᠶᠠᠷ ︽ᠡᠮᠨᠡᠯᠭᠡ ᠶᠢᠨ ᠳᠠᠭᠠᠳᠬᠠᠯ ᠤᠨ ᠭᠡᠷᠡᠴᠢᠯᠡᠯ︾ ᠪᠤᠯᠭᠠᠭᠰᠠᠨ ᠢᠶᠠᠷ  ᠡᠪᠡᠳᠴᠢᠨ ᠦᠵᠡᠭᠦᠯᠵᠦ ᠡᠮᠨᠡᠭᠦᠯᠬᠦ ᠳᠤ ᠨᠡᠩ ᠲᠦᠭᠦᠮ ᠪᠤᠯᠪᠠ᠃ 2020 ᠤᠨ ᠤ 9 ᠰᠠᠷ᠎ᠠ ᠶᠢᠨ 1 ᠤ ᠡᠳᠤᠷ  ᠠᠴᠠ ᠡᠬᠢᠯᠡᠨ ᠬᠦᠬᠡᠬᠤᠲᠡ ᠨᠢ ᠳᠠᠭᠠᠳᠬᠠᠯ ᠳᠤ ᠤᠷᠤᠯᠴᠠᠭᠰᠠᠨ ᠤᠶᠤᠲᠠᠳ ︽ᠬᠦᠬᠡᠬᠤᠲᠡ ᠶᠢᠨ ᠬᠤᠲᠠ ᠬᠦᠳᠡᠭᠡ  ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠭᠡᠷᠡᠴᠢᠯᠡᠯ︾ ︵︽ᠡᠮᠨᠡᠯᠭᠡ ᠶᠢᠨ ᠳᠠᠭᠠᠳᠬᠠᠯ ᠤᠨ ᠭᠡᠷᠡᠴᠢᠯᠡᠯ︾ ᠭᠡᠵᠦ ᠲᠦᠭᠦᠮᠴᠢᠯᠡᠨ᠎ᠡ︶ ᠠᠪᠬᠤ ᠶᠢ ᠦᠭᠡᠶᠢᠰᠭᠡᠵᠦ᠂ ᠶᠡᠭᠡ ᠰᠤᠷᠭᠠᠭᠤᠯᠢ ᠳᠠᠭᠠᠨ ᠭᠦᠢᠴᠡᠳᠭᠡᠭᠰᠡᠨ ︽ᠰᠤᠷᠤᠭᠴᠢ ᠶᠢᠨ ᠦᠨᠡᠮᠯᠡᠯ︾ ᠢᠶᠠᠷ ︽ᠡᠮᠨᠡᠯᠭᠡ ᠶᠢᠨ ᠳᠠᠭᠠᠳᠬᠠᠯ ᠤᠨ ᠭᠡᠷᠡᠴᠢᠯᠡᠯ︾ ᠢ ᠤᠷᠤᠯᠠᠭᠤᠯᠵᠦ᠂ ᠬᠤᠯᠪᠤᠭᠳᠠᠯ ᠪᠦᠬᠦᠢ ᠡᠮᠨᠡᠯᠭᠡ ᠶᠢᠨ ᠵᠠᠷᠤᠳᠠᠯ ᠢ ᠲᠠᠰᠤᠯᠤᠨ ᠪᠤᠳᠤᠬᠤ ᠪᠤᠯᠭᠠᠪᠠ᠃ ᠳᠠᠭᠠᠳᠬᠠᠯ ᠳᠤ ᠤᠷᠤᠯᠴᠠᠭᠰᠠᠨ‌ᠤᠶᠤᠲᠠᠳ ᠡᠪᠡᠳᠴᠢᠯᠡᠭᠰᠡᠨ ᠠᠴᠠ ᠪᠤᠯᠵᠦ ᠲᠤᠰ ᠬᠤᠲᠠ ᠶᠢᠨ ᠲᠤᠭᠲᠠᠭᠰᠠᠨ ᠴᠡᠭ ᠤᠨ ᠡᠮᠨᠡᠯᠭᠡ  ᠶᠢᠨ ᠪᠠᠶᠢᠭᠤᠯᠤᠮᠵᠢ ᠳᠤ ᠡᠮᠨᠡᠯᠭᠡ ᠳᠤ ᠰᠠᠭᠤᠵᠦ ᠡᠮᠨᠡᠭᠦᠯᠬᠦ ᠳᠤ ᠬᠦᠷᠪᠡᠯ᠂ ᠡᠮᠨᠡᠯᠭᠡ ᠳᠤ ᠰᠠᠭᠤᠬᠤ ᠭᠠᠷ ᠭᠦᠢᠴᠡᠳᠭᠡᠯ ᠬᠢᠬᠦ ᠳᠡᠭᠡᠨ ︽ᠰᠤᠷᠤᠭᠴᠢ ᠶᠢᠨ ᠦᠨᠡᠮᠯᠡᠯ︾  ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ︵ᠡᠰᠡᠭᠦᠯ᠎ᠡ ︽ᠨᠡᠶᠢᠭᠡᠮ ᠤᠨ ᠪᠠᠲᠤᠯᠠᠭ᠎ᠠ ᠶᠢᠨ ᠺᠡᠷᠲ︾︶ ᠢᠶᠠᠨ ᠦᠵᠡᠭᠦᠯᠪᠡᠯ ᠪᠤᠯᠴᠢᠬᠠᠨ᠎ᠠ᠂ ᠡᠮᠨᠡᠯᠭᠡ ᠠᠴᠠ ᠭᠠᠷᠬᠤ ᠦᠶ᠎ᠡ ᠳᠤ ᠲᠤᠭᠲᠠᠭᠰᠠᠨ ᠴᠡᠭ ᠤᠨ ᠡᠮᠨᠡᠯᠭᠡ ᠶᠢᠨ ᠪᠠᠶᠢᠭᠤᠯᠤᠮᠵᠢ ᠨᠢ ᠬᠤᠯᠪᠤᠭᠳᠠᠯ ᠪᠦᠬᠦᠢ ᠲᠦᠷᠦ ᠶᠢᠨ ᠪᠤᠲᠤᠯᠭ᠎ᠠ ᠶᠤᠰᠤᠭᠠᠷ ᠰᠢᠭᠤᠳ ᠳᠠᠰᠣᠯᠤᠨ ᠪᠤᠳᠤᠵᠦ ᠪᠤᠯᠤᠨ᠎ᠠ᠃         ᠤᠶᠤᠲᠠᠳ ᠤᠨᠳᠤᠤ ᠭᠠᠵᠠᠷ ᠲᠤ ᠡᠮᠨᠡᠭᠦᠯᠵᠦ ᠲᠠᠰᠤᠯᠤᠨ ᠪᠤᠳᠤᠬᠤ ᠨᠢ ᠨᠡᠩ ᠰᠡᠳᠬᠢᠯ ᠢ ᠲᠤᠯᠠᠭᠠᠴᠠᠭᠤᠯᠤᠨ᠎ᠠ᠃ ᠤᠶᠤᠲᠠᠳ ᠤᠨᠳᠤᠤ ᠭᠠᠵᠠᠷ ᠲᠤ ᠡᠮᠨᠡᠭᠦᠯᠵᠦ ᠲᠠᠰᠤᠯᠤᠨ ᠪᠤᠳᠤᠬᠤ ᠶᠠᠪᠤᠴᠠ ᠶᠢ ᠲᠦᠲᠡᠴᠢᠯᠡᠬᠦ ᠨᠢ᠂ ᠤᠶᠤᠲᠠᠳ ᠲᠤ ᠨᠡᠩ ᠲᠤᠲᠤᠨᠤ ᠦᠢᠯᠡᠴᠢᠯᠡᠭᠡ ᠪᠤᠯᠤᠨ ᠨᠡᠩ ᠬᠠᠯᠠᠮᠵᠢ ᠬᠠᠷᠠᠭᠠᠯᠵᠠᠯ ᠬᠦᠷᠲᠡᠭᠡᠬᠦ ᠪᠤᠯᠤᠨ᠎ᠠ᠃ ᠳᠠᠭᠠᠳᠬᠠᠯ ᠳᠤ ᠤᠷᠤᠯᠴᠠᠭᠰᠠᠨ‌ᠤᠶᠤᠲᠠᠳ ᠲᠤ ᠨᠡᠩ  ᠲᠦᠭᠦᠮ ᠦᠵᠡᠭᠦᠯᠬᠦ ᠶᠢᠨ ᠲᠤᠯᠠᠲᠠ᠂ ᠰᠤᠷᠭᠠᠭᠤᠯᠢ ᠳᠤ ᠪᠠᠶᠢᠭ᠎ᠠ ᠬᠤᠭᠤᠴᠠᠭᠠᠨ ᠳᠠᠭᠠᠨ ᠡᠪᠡᠳᠴᠢᠨ ᠠᠴᠠ ᠪᠤᠯᠵᠦ᠂ ᠡᠷᠦᠬᠡ ᠠᠮᠠ ᠪᠠᠶᠢᠭ᠎ᠠ ᠭᠠᠵᠠᠷ ᠪᠤᠶᠤ ᠨᠤᠲᠤᠭ ᠤᠨ ᠢᠶᠠᠨ ᠲᠤᠭᠳᠠᠭᠰᠠᠨ ᠴᠡᠭ ᠤᠨ ᠡᠮᠨᠡᠯᠭᠡ ᠶᠢᠨ ᠪᠠᠶᠢᠭᠤᠯᠤᠮᠵᠢ ᠳᠤ ᠡᠮᠨᠡᠯᠭᠡ ᠳᠤ ᠰᠠᠭᠤᠵᠦ ᠡᠮᠨᠡᠭᠦᠯᠦᠭᠰᠡᠨ ᠪᠤᠯ ᠬᠤᠲᠠ ᠶᠢᠨ ᠲᠤᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠠᠴᠠ ᠡᠮᠨᠡᠯᠭᠡ ᠰᠢᠯᠵᠢᠬᠦ ᠭᠡᠷᠡᠴᠢᠯᠡᠯ ᠠᠪᠤᠭᠰᠠᠨ ᠤ ᠴᠢᠬᠤᠯᠠ ᠦᠭᠡᠢ᠂ ᠭᠠᠷ ᠤᠲᠠᠰᠤᠨ ᠤ App᠂ ᠰᠦᠯᠵᠢᠶ᠎ᠡ ᠪᠤᠶᠤ ᠰᠤᠷᠭᠠᠭᠤᠯᠢ ᠠᠴᠠ ᠦᠭᠭᠦᠭᠰᠡᠨ ᠠᠮᠠ ᠡᠷᠦᠬᠡ ᠪᠠᠶᠢᠭ᠎ᠠ ᠭᠠᠵᠠᠷ ᠪᠤᠶᠤ ᠨᠤᠲᠤᠭ   ᠲᠠᠭᠠᠨ ᠬᠠᠷᠢᠵᠦ ᠡᠮᠨᠡᠭᠦᠯᠬᠦ ︽ᠴᠢᠯᠦᠭᠡ ᠭᠤᠶᠤᠬᠤ ᠮᠡᠳᠡᠭᠦᠯᠦᠯᠲᠡ︾᠂ ᠤᠨᠤᠰᠢᠯᠠᠯᠲᠠ ᠶᠢᠨ ᠭᠡᠷᠡᠴᠢᠯᠡᠯ ᠪᠤᠯᠤᠨ  ︽ ᠨᠡᠶᠢᠭᠡᠮ ᠤᠨ ᠪᠠᠲᠤᠯᠠᠭ᠎ᠠ ᠶᠢᠨ ᠺᠡᠷᠲ︾ ᠢᠶᠠᠷ  ᠢᠶᠠᠨ ᠪᠠᠶᠢᠭ᠎ᠠ ᠭᠠᠵᠠᠷ ᠤᠨ ᠢᠶᠠᠨ ᠬᠤᠰᠢᠭᠤ ᠰᠢᠶᠠᠨ ᠤ ᠡᠮᠨᠡᠯᠭᠡ ᠶᠢᠨ ᠳᠠᠭᠠᠳᠬᠠᠯ ᠭᠦᠢᠴᠡᠳᠭᠡᠬᠦ ᠪᠠᠶᠢᠭᠤᠯᠤᠮᠵᠢ ᠪᠤᠶᠤ ᠬᠤᠲᠠ ᠵᠢᠨ‌ᠡᠮᠨᠡᠯᠭᠡ ᠶᠢᠨ ᠳᠠᠭᠠᠳᠬᠠᠯ ᠭᠦᠢᠴᠡᠳᠭᠡᠬᠦ ᠪᠠᠶᠢᠭᠤᠯᠤᠮᠵᠢ ᠳᠤ ᠬᠦᠷᠴᠤ᠂ ᠤᠨᠳᠤᠤ ᠭᠠᠵᠠᠷ ᠤᠨ ᠲᠡᠮᠳᠡᠭᠯᠡᠯ ᠳᠤ ᠤᠷᠤᠭᠤᠯᠬᠤ ᠭᠠᠷ ᠭᠦᠢᠴᠡᠳᠭᠡᠯ  ᠬᠢᠨ᠎ᠡ᠂ ᠲᠡᠮᠳᠡᠭᠯᠡᠯ ᠳᠤ ᠤᠷᠤᠭᠤᠯᠤᠭᠰᠠᠨ ᠤ ᠳᠠᠷᠠᠭ᠎ᠠ᠂ ᠠᠮᠠ ᠡᠷᠦᠬᠡ ᠪᠠᠶᠢᠭ᠎ᠠ ᠭᠠᠵᠠᠷ ᠪᠤᠶᠤ ᠨᠤᠲᠤᠭ ᠤᠨ ᠢᠶᠠᠨ ᠲᠡᠮᠳᠡᠭᠯᠡᠭᠦᠯᠦᠭᠰᠡᠨ ᠲᠤᠭᠳᠠᠭᠰᠠᠨ ᠴᠡᠭ ᠤᠨ ᠡᠮᠨᠡᠯᠭᠡ ᠶᠢᠨ ᠪᠠᠶᠢᠭᠤᠯᠤᠮᠵᠢ ᠳᠤ ᠪᠤᠢ ᠪᠤᠯᠤᠭᠰᠠᠨ ᠡᠮᠨᠡᠯᠭᠡ ᠶᠢᠨ ᠵᠠᠷᠤᠳᠠᠯ ᠢ ︽ᠨᠡᠶᠢᠭᠡᠮ ᠤᠨ ᠪᠠᠲᠤᠯᠠᠭ᠎ᠠ ᠶᠢᠨ ᠺᠡᠷᠲ︾ ᠢᠶᠠᠷ  ᠢᠶᠠᠨ ᠤᠨᠳᠤᠤ ᠭᠠᠵᠠᠷ ᠲᠤ ᠰᠢᠭᠤᠳ ᠳᠠᠩᠰᠠ ᠴᠠᠶᠢᠷᠠᠭᠤᠯᠵᠦ ᠪᠤᠯᠤᠨ᠎ᠠ᠃ ︽ᠨᠡᠶᠢᠭᠡᠮ ᠤᠨ ᠪᠠᠲᠤᠯᠠᠭ᠎ᠠ ᠶᠢᠨ ᠺᠡᠷᠲ ︾ ᠢ ᠤᠩᠰᠢᠵᠦ ᠲᠡᠶᠢᠯᠬᠦ ᠦᠭᠡᠢ ᠵᠡᠷᠭᠡ ᠰᠢᠯᠲᠠᠭᠠᠨ ᠠᠴᠠ ᠪᠤᠯᠵᠦ᠂ ᠤᠨᠳᠤᠤ ᠭᠠᠵᠠᠷ ᠲᠤ ᠰᠢᠭᠤᠳ ᠲᠠᠰᠤᠯᠤᠨ ᠪᠤᠳᠤᠵᠦ ᠪᠤᠯᠬᠤ ᠦᠭᠡᠢ ᠪᠤᠯ ᠡᠮᠨᠡᠯᠭᠡ ᠳᠤ ᠰᠠᠭᠤᠵᠦ ᠡᠮᠨᠡᠭᠦᠯᠦᠭᠰᠡᠨ ᠵᠠᠷᠤᠳᠠᠯ ᠢᠶᠠᠨ ᠳᠠᠭᠠᠳᠬᠠᠯ ᠳᠤ ᠤᠷᠤᠭᠰᠠᠨ ᠤᠶᠤᠳᠠᠳ ᠤᠷᠢᠳᠡᠪᠡᠷ ᠪᠦᠬᠦ ᠲᠤᠭ᠎ᠠ ᠪᠠᠷ ᠲᠤᠰᠢᠶᠠᠵᠦ᠂ ᠡᠮᠨᠡᠯᠭᠡ ᠠᠴᠠ ᠭᠠᠷᠤᠭᠰᠠᠨ ᠤ ᠰᠡᠭᠦᠯᠡᠷ ᠳᠠᠩᠰᠠ ᠲᠠᠶᠢᠯᠬᠤ ᠬᠠᠮᠢᠶ᠎ᠠ ᠪᠦᠬᠦᠢ ᠮᠠᠲ᠋ᠧᠷᠢᠶᠠᠯ ᠢᠶᠠᠨ  ᠠᠪᠴᠤ ᠳᠠᠭᠠᠳᠬᠠᠯ ᠳᠤ ᠤᠷᠤᠭᠰᠠᠨ ᠭᠠᠵᠠᠷ ᠤᠨ ᠬᠤᠰᠢᠭᠤ ᠰᠢᠶᠠᠨ ᠲᠤᠭᠤᠷᠢᠭ ᠤᠨ ᠡᠮᠨᠡᠯᠭᠡ ᠶᠢᠨ ᠳᠠᠭᠠᠳᠬᠠᠯ ᠭᠦᠢᠴᠡᠳᠭᠡᠬᠦ ᠪᠠᠶᠢᠭᠤᠯᠤᠮᠵᠢ ᠳᠤ ᠬᠦᠷᠴᠤ ᠳᠠᠩᠰᠠ ᠲᠠᠶᠢᠯᠤᠨ᠎ᠠ᠃  ︵ ᠬᠦᠬᠡᠬᠤᠲᠡ ᠶᠢᠨ ᠡᠳᠤᠷ ᠤᠨ ᠰᠤᠨᠢᠨ ᠤ ᠰᠤᠷᠪᠤᠯᠵᠢᠯᠠᠭᠴᠢ  ᠯᠢᠶᠠᠩ ᠵᠢᠩ ᠱᠦ   ᠸᠠᠩ ᠮᠧᠩ  ᠴᠢ︶http://mongol.people.com.cn/15825177.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号