ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/9/25
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠶ ᠰᠠᠨᠠᠯ︾ ᠪᠣᠯᠤᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ︵2018 — 2022 ᠣᠨ︶︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠵᠢᠭᠦᠯᠬᠦ ᠲᠥᠰᠦᠯ ︵2018 — 2022 ᠣᠨ︶︾ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠠᠯᠪᠠᠨ ᠬᠡᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠨᠢ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠤᠷᠮᠠᠰᠢᠭᠤᠯᠬᠤ᠂ ᠦᠨᠡᠯᠡᠬᠦ᠂ ᠪᠠᠲᠤᠯᠠᠬᠤ᠂ ᠦᠢᠯᠡᠴᠢᠯᠡᠬᠦ ᠵᠡᠷᠭᠡ ᠲᠠᠯ᠎ᠠ ᠪᠠᠷ ᠭᠤᠤᠯᠳᠠᠯᠭ᠎ᠠ ᠪᠣᠯᠭᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠵᠢᠭᠦᠯᠬᠦ ᠲᠥᠰᠦᠯ ︵2018 — 2022 ᠣᠨ︶ ᠤᠨ ᠠᠵᠢᠯ ᠤᠨ ᠡᠭᠦᠷᠭᠡ ᠶᠢᠨ ᠬᠤᠪᠢᠶᠠᠷᠢ ᠶᠢᠨ ᠬᠦᠰᠦᠨᠦᠭᠲᠦ︾ ᠶᠢ ᠲᠣᠭᠲᠠᠭᠠᠵᠤ᠂ 18 ᠵᠦᠢᠯ ᠤᠨ ᠭᠤᠤᠯᠳᠠᠯᠭ᠎ᠠ ᠲᠠᠢ ᠡᠭᠦᠷᠭᠡ᠂ 45  ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠴᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠬᠢᠴᠠ ᠲᠠᠢ ᠪᠣᠯᠭᠠᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠵᠦ ᠪᠤᠢ᠃      ︽ᠡᠯ᠎ᠡ ᠲᠥᠷᠥᠯ ᠤᠨ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ︾ ᠲᠠᠯ᠎ᠠ ᠪᠠᠷ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠦᠵᠢᠭᠦᠯᠬᠦ ᠢᠨᠵᠧᠨᠧᠷᠢᠩ᠂ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ᠂ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠡᠩᠨᠡᠭᠡ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠪᠣᠯᠪᠠᠰᠤᠷᠠᠯ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ ᠪᠠ ᠡᠯ᠎ᠡ ᠲᠥᠷᠥᠯ ᠤᠨ ᠴᠢᠳᠠᠪᠤᠷᠢᠲᠠᠨ ᠢ ᠬᠠᠨᠳᠤᠯᠭ᠎ᠠ ᠲᠠᠢ ᠬᠥᠮᠦᠵᠢᠭᠦᠯᠬᠦ ᠲᠥᠯᠥᠪᠯᠡᠭᠡ ᠵᠡᠷᠭᠡ 8 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠵᠠᠶ᠃ ︽ᠴᠢᠳᠠᠪᠤᠷᠢᠲᠠᠨ ᠤ ᠬᠥᠳᠡᠭᠡ ᠲᠣᠰᠬᠤᠨ ᠳᠤ  ᠦᠢᠯᠡᠴᠢᠯᠡᠬᠦ ᠲᠣᠭᠲᠠᠴᠠ ᠶᠢ ᠰᠠᠭᠠᠳ ᠥᠬᠡᠶ ᠨᠡᠪᠲᠡᠷᠡᠭᠦᠯᠬᠦ︾ ᠲᠠᠯ᠎ᠠ ᠪᠠᠷ᠂ ᠬᠤᠲᠠ ᠪᠠᠯᠭᠠᠰᠤ ᠶᠢᠨ ᠴᠢᠳᠠᠪᠤᠷᠢᠲᠠᠨ ᠤ ᠮᠠᠯᠵᠢᠬᠤ ᠲᠠᠷᠢᠶᠠᠯᠠᠬᠤ ᠣᠷᠣᠨ ᠳᠠᠰᠢ ᠰᠢᠯᠵᠢᠬᠦ ᠶᠢ ᠵᠣᠷᠢᠭᠵᠢᠭᠤᠯᠬᠤ᠂ ᠮᠠᠯᠴᠢᠨ ᠲᠠᠷᠢᠶᠠᠴᠢᠨ ᠤ ᠨᠤᠲᠤᠭ ᠲᠠᠭᠠᠨ ᠪᠤᠴᠠᠵᠤ  ᠦᠢᠯᠡᠰ ᠪᠤᠰᠬᠠᠬᠤ ᠶᠢ ᠳᠡᠮᠵᠢᠬᠦ ᠡᠷᠴᠢᠮ ᠢ ᠴᠢᠩᠭᠠᠷᠠᠭᠤᠯᠬᠤ᠂ ᠶᠡᠭᠡ ᠰᠤᠷᠭᠠᠭᠤᠯᠢ ᠲᠡᠭᠦᠰᠦᠭᠰᠡᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠬᠦ᠂ ᠡᠯ᠎ᠡ ᠲᠥᠷᠥᠯ ᠤᠨ ᠨᠡᠶᠢᠭᠡᠮ ᠤᠨ ᠴᠢᠳᠠᠪᠤᠷᠢᠲᠠᠨ ᠤ ᠮᠠᠯᠵᠢᠬᠤ ᠲᠠᠷᠢᠶᠠᠯᠠᠬᠤ ᠣᠷᠣᠨ ᠤ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠬᠥᠲᠥᠯᠦᠨ ᠵᠢᠯᠣᠭᠤᠳᠬᠤ ᠪᠠ ᠳᠡᠮᠵᠢᠬᠦ᠂ ᠳᠡᠭᠡᠳᠦ ᠲᠠᠰ ᠤᠨ ᠲᠤᠰᠬᠠᠶ ᠮᠡᠷᠭᠡᠵᠢᠯᠲᠡᠨ ᠤ ᠦᠨᠳᠦᠰᠦᠨ ᠱᠠᠲᠤᠨ ᠳᠤ ᠦᠢᠯᠡᠴᠢᠯᠡᠬᠦ ᠶᠢ ᠠᠬᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ 6 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠪᠠ᠃ ︽ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ ᠪᠠᠲᠤᠯᠠᠭ᠎ᠠ ᠶᠢᠨ ᠠᠵᠢᠯ ᠢ ᠴᠢᠩᠭᠠᠳᠬᠠᠬᠤ︾ ᠲᠠᠯ᠎ᠠ ᠪᠠᠷ᠂ ᠴᠢᠳᠠᠪᠤᠷᠢᠲᠠᠨ ᠤ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠥᠭᠡᠷᠡᠴᠢᠯᠡᠬᠦ᠂ ᠴᠢᠳᠠᠪᠤᠷᠢᠲᠠᠨ ᠢ ᠦᠨᠡᠯᠡᠬᠦ ᠰᠢᠰᠲ᠋ᠧᠮ ᠤᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠤ ᠴᠢᠳᠠᠪᠤᠷᠢᠲᠠᠨ ᠤ ᠣᠯᠠᠨ ᠨᠡᠶᠢᠲᠡ ᠳᠤ ᠦᠶ᠋ᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠬᠦᠬᠢᠬᠦᠯᠦᠨ ᠱᠠᠩᠨᠠᠬᠤ ᠠᠵᠢᠯ ᠢ ᠴᠢᠩᠭᠠᠳᠬᠠᠬᠤ ᠵᠡᠷᠭᠡ 4 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠵᠠᠢ᠃  ︵ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠮᠢᠶᠣᠣ ᠴᠢᠩ︶http://mongol.people.com.cn/15825175.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号