ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠷᠭᠤᠮᠠᠯ︶ ᠣᠶᠢᠷ᠎ᠠ ᠳᠤ᠂ | ᠬᠥᠬᠡᠬᠤᠲᠠ ᠥᠪᠥᠷ ᠮᠣᠩᠭᠤᠯ ᠤᠨ ᠬᠤᠤ ᠰᠢᠶᠠᠩ ᠳᠣᠭᠢᠷᠠᠭᠤᠯᠤᠨ ᠬᠦᠷᠭᠡᠬᠦ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠲᠢᠶᠠᠨ ᠲᠢᠶᠠᠨ ᠰᠢᠶᠠᠩ ᠱᠠᠩ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ | ᠪᠡᠭᠡᠵᠢᠩ ᠤᠨ ᠾᠧᠦ ᠽᠧ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠭᠤᠷᠪᠠᠨ | ᠬᠤᠪᠢᠶᠠᠷᠢ ᠺᠣᠮᠫᠠᠨᠢ ᠶᠢᠨ ᠲᠥᠪᠯᠡᠷᠡᠭᠦᠯᠦᠨ ᠬᠤᠭᠤᠯᠠ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠢᠳᠡᠭᠡᠨ ᠤ | ᠠᠮᠤᠷ ᠲᠦᠪᠰᠢᠨ ᠤ ᠲᠤᠰᠬᠠᠶ ᠰᠤᠭᠤᠴᠢᠨ ᠪᠠᠶᠢᠴᠠᠭᠠᠬᠤ ᠠᠵᠢᠯ ᠥᠷᠨᠢᠭᠦᠯᠪᠡ᠃ | ᠲᠥᠪᠯᠡᠷᠡᠭᠦᠯᠦᠨ ᠬᠤᠭᠤᠯᠠ ᠬᠦᠷᠭᠡᠬᠦ ᠭᠤᠷᠪᠠᠨ ᠠᠵᠤ ᠠᠬᠤᠶᠢᠯᠠᠯ ᠤᠨ ᠲᠤᠬᠠᠶ ᠶᠢᠨ ᠡᠳᠦᠷ ᠤᠨ ᠬᠤᠳᠠᠯᠳᠤᠨ | ᠠᠪᠬᠤ ᠪᠠ ᠬᠤᠭᠤᠯᠠ ᠳᠤᠬᠢᠷᠠᠭᠤᠯᠬᠤ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠬᠠᠤᠯᠢ ᠬᠡᠷᠡᠭᠵᠢᠭᠦᠯᠬᠦ ᠠᠵᠢᠯᠲᠠᠨ | ᠵᠢᠴᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠢᠳᠡᠭᠡᠨ ᠤ ᠦᠯᠢᠬᠡᠷ ᠬᠡᠪ ᠠᠪᠬᠤ ᠠᠵᠢᠯᠲᠠᠳ ᠲᠣᠭᠲᠠᠭᠠᠯ | ᠶᠣᠰᠣᠭᠠᠷ ᠢᠳᠡᠭᠡᠨ ᠳᠤᠬᠢᠷᠠᠭᠤᠯᠬᠤ ᠲᠠᠰᠤᠭ᠂ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠬᠦᠢᠲᠡᠨ ᠬᠥᠮᠥᠷᠭᠡ᠂ ᠲᠤᠭᠳᠠᠩᠭᠤᠢ ᠳᠤᠯᠠᠭᠠᠨ ᠤ ᠬᠥᠮᠥᠷᠭᠡ ᠵᠢᠴᠢ ᠪᠦᠳᠦᠭᠦᠯᠢᠭ ᠡᠳ᠋ᠰᠢᠭᠦᠯᠬᠦ | ᠲᠠᠰᠤᠭ ᠲᠤ ᠲᠤᠰ ᠲᠤᠰ ᠰᠤᠭᠤᠴᠢᠨ ᠪᠠᠶᠢᠴᠠᠭᠠᠵᠤ ᠦᠯᠢᠭᠡᠷ ᠬᠡᠪ ᠠᠪᠬᠤ ᠶᠢᠨ ᠵᠡᠷᠭᠡ ᠪᠠᠷ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢᠨ ᠠᠵᠢᠯᠲᠠᠨ ᠬᠠᠤᠯᠢ ᠲᠣᠭᠲᠠᠭᠠᠯ ᠶᠣᠰᠣᠭᠠᠷ ᠰᠤᠭᠤᠴᠢᠨ ᠪᠠᠶᠢᠴᠠᠭᠠᠭᠰᠠᠨ ᠦᠯᠢᠭᠡᠷ ᠬᠡᠪ ᠢ ᠨᠢᠭᠲᠠ | ᠪᠢᠲᠡᠭᠦᠮᠵᠢᠯᠡᠨ ᠬᠠᠳᠠᠭᠠᠯᠠᠵᠤ᠂ ᠨᠠᠷᠢᠯᠢᠬ ᠲᠡᠮᠳᠡᠭᠯᠡᠯ ᠬᠢᠵᠠᠢ᠃ ᠲᠣᠰ ᠤᠳᠠᠭᠠᠨ ᠤ ᠢᠳᠡᠭᠡᠨ ᠤ ᠠᠮᠤᠷ ᠲᠦᠪᠰᠢᠨ ᠤ | ᠲᠤᠰᠬᠠᠶ ᠵᠦᠢᠯ ᠤᠨ ᠰᠤᠭᠤᠴᠢᠨ ᠪᠠᠶᠢᠴᠠᠭᠠᠯᠲᠠ ᠨᠡᠶᠢᠲᠡ 10 ᠪᠦᠯᠦᠭ ᠤᠳᠠᠭ᠎ᠠ ᠪᠠᠶᠢᠵᠤ᠂ ᠬᠠᠷᠢᠶ᠎ᠠ ᠣᠷᠣᠨ ᠤ | ᠳᠣᠲᠣᠷᠠᠬᠢ ᠭᠤᠷᠪᠠᠨ ᠰᠤᠷᠭᠠᠭᠤᠯᠢ ᠶᠢᠨ ᠲᠥᠪᠯᠡᠷᠡᠭᠦᠯᠦᠨ ᠬᠤᠭᠤᠯᠠ ᠲᠣᠬᠢᠷᠠᠭᠤᠯᠤᠨ ᠬᠦᠷᠭᠡᠬᠦ ᠠᠵᠤ | ᠠᠬᠤᠶᠢᠯᠠᠯ ᠤᠨ ᠬᠤᠭᠤᠯᠠ ᠬᠤᠪᠢᠶᠠᠬᠤ ᠪᠠᠭᠠᠵᠢ ᠬᠡᠷᠡᠭᠰᠡᠯ᠂ ᠬᠡᠷᠡᠭᠯᠡᠬᠦ ᠪᠠᠭᠠᠵᠢ ᠬᠡᠷᠡᠭᠰᠡᠯ᠂ ᠢᠳᠡᠭᠡᠨ ᠤᠮᠳᠠᠭᠠᠨ ᠤ | ᠢᠳᠡᠭᠡᠨ ᠡᠳ᠋ᠰᠢᠭᠦᠯᠦᠭᠰᠡᠨ ᠦᠢᠯᠡᠳᠬᠦᠨ ᠵᠢᠴᠢ ᠬᠤᠳᠠᠯᠳᠤᠨ ᠠᠪᠤᠭᠰᠠᠨ ᠢᠳᠡᠭᠡᠨ ᠤ ᠲᠠᠷᠢᠶᠠᠯᠠᠩ ᠮᠠᠯ ᠠᠵᠤ | ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠳᠤ ᠲᠣᠰ ᠲᠣᠰ | ᠵᠠᠩᠭᠢᠯᠠᠭ᠎ᠠ ᠶᠢᠨ ᠲᠥᠷᠥᠯ ᠵᠦᠢᠯ ᠤᠨ ᠪᠠᠶᠢᠴᠠᠭᠠᠯᠳᠠ ᠬᠢᠪᠠ᠃ ᠰᠤᠭᠤᠴᠢᠨ ᠪᠠᠶᠢᠴᠠᠭᠠᠬᠤ ᠶᠠᠪᠤᠴᠠ ᠳᠤ᠂ ᠬᠠᠤᠯᠢ | ᠬᠡᠷᠡᠭᠵᠢᠭᠦᠯᠬᠦ ᠠᠵᠢᠯᠲᠠᠨ ᠵᠢᠴᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠠᠵᠢᠯᠲᠠᠳ ᠴᠥᠮ ᠰᠤᠭᠤᠴᠢᠨ | ᠪᠠᠶᠢᠴᠠᠭᠠᠬᠤ ᠨᠠᠷᠢᠨ ᠳᠦᠷᠢᠮ ᠳᠤ ᠲᠣᠭᠲᠠᠭᠠᠭᠰᠠᠨ ᠠᠵᠢᠯ ᠤᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ᠂ | ᠲᠤᠬᠠᠢ ᠶᠢᠨ ᠲᠠᠯᠠᠪᠤᠷ ᠲᠤ ᠦᠯᠢᠭᠡᠷ ᠬᠡᠪ ᠠᠪᠬᠤ᠂ ᠲᠡᠮᠳᠡᠭᠯᠡᠬᠦ᠂ ᠶᠠᠩᠵᠤ ᠪᠢᠲᠡᠭᠦᠮᠵᠢᠯᠡᠬᠦ ᠵᠡᠷᠭᠡ ᠡᠯ᠎ᠡ | ᠭᠤᠭᠴᠤᠭ᠎ᠠ ᠶᠢᠨ ᠠᠵᠢᠯ ᠢ ᠵᠢᠷᠤᠮᠵᠢᠭᠤᠯᠤᠨ ᠰᠠᠶᠢᠲᠤᠷ ᠬᠢᠵᠦ᠂ ᠴᠤᠭᠯᠠᠭᠤᠯᠤᠭᠰᠠᠨ ᠦᠯᠢᠭᠡᠷ ᠬᠡᠪ ᠤᠨ ᠰᠢᠯᠭᠠᠨ | ᠪᠠᠶᠢᠴᠠᠭᠠᠭᠰᠠᠨ ᠦᠷ᠎ᠡ ᠳ᠋ᠦᠩ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠢ ᠦᠨᠡᠨ ᠬᠦ ᠪᠠᠲᠤᠯᠠᠵᠠᠢ᠃ |