ᠵᠠᠩ ᠪᠠᠢ ᠴᠧᠩ ᠡᠷᠬᠢᠯᠡᠪᠡ | 9 ᠳ᠋ᠦ᠋ᠭᠡᠷ ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ | ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 35 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ | ᠡᠷᠬᠢᠯᠡᠨ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠨᠠᠶᠢᠷᠠᠭᠤᠯᠤᠭᠰᠠᠨ ᠪᠠᠶᠢᠳᠠᠯ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢ | ᠨᠠᠶᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠬᠥᠬᠡᠬᠤᠲᠠ ᠶᠢᠨ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ ᠭᠦᠨᠵᠡᠭᠡᠶ ᠠᠬᠢᠭᠤᠯᠬᠤ ᠬᠡᠷᠡᠭᠵᠢᠭᠦᠯᠬᠦ | ᠲᠥᠰᠦᠯ︾ ᠢ ᠬᠢᠨᠠᠨ ᠵᠥᠪᠯᠡᠪᠡ︔ ᠤᠢᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ | ᠪᠠᠶᠢᠳᠠᠯ ᠢ ᠬᠠᠮᠠᠭᠠᠯᠠᠬᠤ᠂ ᠪᠠᠶᠠᠷ ᠤᠨ ᠡᠳᠦᠷ ᠤᠨ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠰᠤᠳᠤᠯᠤᠨ | ᠪᠠᠶᠢᠷᠢᠯᠠᠭᠤᠯᠪᠠ᠃ | ᠬᠤᠷᠠᠯ ᠠᠴᠠ ᠵᠢᠭᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ | ᠤᠯᠤᠰ ᠤᠨ ᠨᠤᠲᠤᠭ ᠳᠡᠪᠢᠭᠰᠡᠭᠡᠷ ᠤᠨ ᠣᠷᠣᠨ ᠵᠠᠢ ᠶᠢᠨ ᠲᠥᠯᠥᠪᠵᠢᠭᠦᠯᠭᠡ ᠨᠢ ᠮᠠᠨ ᠤ ᠬᠤᠲᠠ ᠶᠢᠨ ᠠᠵᠤ ᠠᠬᠤᠢ | ᠨᠡᠶᠢᠭᠡᠮ ᠤᠨ ᠠᠯᠤᠰ ᠬᠤᠯᠠ ᠶᠢᠨ ᠬᠥᠭᠵᠢᠯᠲᠡ ᠪᠠ ᠢᠷᠡᠭᠡᠳᠦᠢ ᠶᠢᠨ ᠬᠤᠲᠠ ᠶᠢᠨ ᠣᠷᠣᠨ ᠵᠠᠢ ᠶᠢᠨ ᠰᠢᠯᠢᠳᠡᠭ | ᠪᠠᠶᠢᠷᠢᠰᠢᠯ ᠲᠠᠢ ᠬᠤᠯᠪᠣᠭᠳᠠᠵᠤ᠂ ᠲᠥᠪ ᠬᠤᠲᠠ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢ ᠬᠥᠲᠥᠯᠦᠨ | ᠵᠢᠯᠣᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠪᠠᠶᠢᠯᠳᠤᠬᠤ ᠪᠣᠳᠣᠯᠭ᠎ᠠ ᠪᠠ ᠪᠦᠬᠦ ᠲᠠᠯ᠎ᠠ ᠶᠢᠨ ᠥᠨᠳᠦᠷᠴᠡ ᠠᠴᠠ ᠲᠥᠯᠥᠪᠵᠢᠭᠦᠯᠭᠡ ᠶᠢ | ᠨᠠᠶᠢᠷᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠦ᠂ ᠥᠵᠥ ᠵᠢᠷᠤᠭ ᠲᠥᠯᠥᠪᠯᠡᠭᠡ ᠶᠢ | ᠴᠢᠩᠭᠠᠳᠬᠠᠬᠤ ᠪᠠ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠶᠢ ᠨᠢᠭᠡᠳᠦᠭᠦᠯᠬᠦ ᠶᠢ ᠪᠠᠷᠢᠮᠲᠠᠯᠠᠵᠤ᠂ ᠡᠯ᠎ᠡ | ᠬᠦᠷᠢᠶ᠎ᠡ ᠴᠠᠷᠠᠭ᠎ᠠ ᠶᠢᠨ ᠲᠤᠰᠬᠠᠢ ᠮᠡᠷᠭᠡᠵᠢᠯᠲᠡᠨ ᠡᠷᠳᠡᠮᠲᠡᠳ᠂ ᠦᠨᠳᠦᠰᠦᠨ ᠱᠠᠲᠤᠨ ᠤ ᠣᠯᠠᠨ ᠲᠦᠮᠡᠨ ᠤ ᠰᠠᠨᠠᠯ | ᠰᠠᠨᠠᠭᠤᠯᠭ᠎ᠠ ᠶᠢ ᠥᠷᠭᠡᠨ ᠢᠶᠠᠷ ᠰᠣᠨᠤᠰᠴᠦ ᠰᠢᠩᠭᠡᠭᠡᠨ ᠠᠪᠴᠤ᠂ ᠡᠯ᠎ᠡ ᠱᠠᠲᠤᠨ ᠤ ᠡᠯ᠎ᠡ ᠲᠥᠷᠥᠯ ᠤᠨ | ᠲᠥᠯᠥᠪᠵᠢᠭᠦᠯᠭᠡ ᠶᠢ ᠰᠠᠶᠢᠬᠠᠨ ᠵᠣᠯᠭᠠᠭᠤᠯᠵᠤ᠂ ᠲᠥᠯᠥᠪᠵᠢᠭᠦᠯᠭᠡ ᠶᠢ ᠨᠠᠶᠢᠷᠠᠭᠤᠯᠬᠤ ᠡᠭᠦᠷᠭᠡ ᠶᠢ ᠴᠢᠨᠠᠷ ᠰᠠᠶᠢᠲᠠᠢ᠂ | ᠥᠨᠳᠥᠷ ᠬᠢᠷᠢ ᠲᠦᠪᠰᠢᠨ ᠲᠠᠢ ᠪᠡᠶᠡᠯᠡᠭᠦᠯᠬᠦ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠭ ᠨᠣᠪᠰᠢ ᠶᠢ ᠲᠥᠷᠥᠯ ᠬᠤᠪᠢᠶᠠᠬᠤ ᠪᠣᠯ ᠨᠡᠶᠢᠭᠡᠮ ᠤᠨ | ᠪᠣᠯᠪᠠᠰᠤᠨ ᠤ ᠬᠢᠷᠢ ᠲᠦᠪᠰᠢᠨ ᠤ ᠨᠢᠭᠡ ᠴᠢᠬᠤᠯᠠ ᠢᠯᠡᠷᠡᠯ ᠮᠥᠨ᠂ ᠮᠠᠨ ᠤ ᠬᠤᠲᠠ ᠪᠦᠬᠦ ᠤᠯᠤᠰ ᠤᠨ | ᠠᠩᠬᠠᠳᠠᠭᠴᠢ ᠪᠦᠯᠦᠭ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠬᠤᠲᠠ ᠪᠣᠯᠣᠭᠰᠠᠨ ᠤ | ᠬᠤᠪᠢ ᠳᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠴᠡᠭ ᠢ ᠣᠯᠵᠤ᠂ ᠪᠠᠭᠤᠷᠠᠢ ᠲᠠᠯ᠎ᠠ ᠳᠤ ᠬᠦᠴᠦᠯᠡᠨ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ | ᠠᠬᠢᠭᠤᠯᠵᠤ᠂ ᠲᠥᠷᠥᠯ ᠬᠤᠪᠢᠶᠠᠨ ᠬᠠᠶᠠᠵᠤ᠂ ᠲᠥᠷᠥᠯ ᠬᠤᠪᠢᠶᠠᠨ ᠴᠤᠭᠯᠠᠭᠤᠯᠵᠤ᠂ ᠲᠥᠷᠥᠯ ᠬᠤᠪᠢᠶᠠᠨ | ᠵᠥᠭᠡᠭᠡᠪᠦᠷᠢᠯᠡᠵᠦ᠂ ᠲᠥᠷᠥᠯ ᠬᠤᠪᠢᠶᠠᠨ ᠰᠢᠢᠳᠪᠦᠷᠢᠯᠡᠭᠰᠡᠨ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢ ᠲᠥᠪ ᠬᠤᠲᠠ ᠶᠢᠨ ︽ᠰᠢᠨ᠎ᠡ ᠤᠷᠤᠰᠬᠠᠯ | ︾ ᠪᠣᠯᠭᠠᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠢᠮᠠᠨ ᠰᠠᠷ᠎ᠠ ᠶᠢᠨ ᠠᠷᠪᠠᠨ ᠲᠠᠪᠤᠨ᠂ ᠤᠯᠤᠰ ᠤᠨ ᠪᠠᠶᠠᠷ | ᠣᠶᠢᠷᠠᠲᠤᠵᠤ᠂ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ᠂ | ᠦᠨ᠎ᠡ ᠬᠠᠩᠰᠢ ᠶᠢᠨ ᠲᠣᠭᠲᠠᠭᠤᠨ ᠬᠠᠩᠭᠠᠯᠭ᠎ᠠ ᠶᠢᠨ ᠪᠠᠲᠤᠯᠠᠭ᠎ᠠ ᠵᠡᠷᠭᠡ ᠠᠵᠢᠯ ᠢ ᠰᠠᠶᠢᠨ ᠬᠢᠬᠦ ᠨᠢ ᠣᠯᠠᠨ | ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠨᠡᠶᠢᠭᠡᠮ ᠤᠨ ᠠᠮᠤᠷ ᠲᠣᠭᠲᠠᠭᠤᠨ ᠤ ᠶᠡᠭᠡ | ᠲᠠᠯ᠎ᠠ ᠳᠤ ᠬᠤᠯᠪᠣᠭᠳᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠡᠳᠬᠢᠯ ᠲᠠᠯᠪᠢᠵᠤ ᠦᠨᠡᠨ ᠰᠡᠳᠬᠢᠯ | ᠠᠴᠠ ᠪᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ︽ᠤᠴᠢᠷ ᠢ ᠵᠠᠪᠠᠯ ᠰᠢᠢᠳᠪᠦᠷᠢᠯᠡᠬᠦ︾ | ᠳᠡᠭᠡᠷ᠎ᠡ ᠲᠥᠪᠯᠡᠷᠡᠭᠦᠯᠵᠦ᠂ ᠣᠯᠠᠨ ᠲᠦᠮᠡᠨ ᠤ ᠠᠩᠬᠠᠷᠴᠤ ᠬᠠᠯᠠᠮᠵᠢᠯᠠᠭᠰᠠᠨ ᠴᠢᠬᠤᠯᠠ ᠬᠦᠴᠢᠷ ᠠᠰᠠᠭᠤᠳᠠᠯ ᠢ | ᠴᠢᠩᠭ᠎ᠠ ᠠᠩᠬᠠᠷᠤᠨ᠂ ᠤᠯᠠᠮ ᠨᠢᠭᠡ ᠠᠯᠬᠤᠮ ᠪᠦᠳᠦᠭᠡᠯᠴᠢ ᠪᠠᠷ ᠰᠡᠳᠬᠢᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠨ | ᠂ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ | ᠬᠡᠷᠡᠭᠲᠡᠢ︔ ᠶᠠᠰᠤ ᠴᠢᠨᠠᠷ ᠢ ᠪᠠᠲᠤᠯᠠᠬᠤ᠂ ᠦᠨ᠎ᠡ ᠬᠠᠩᠰᠢ ᠶᠢ ᠪᠠᠲᠤᠯᠠᠬᠤ᠂ ᠬᠠᠩᠭᠠᠯᠭ᠎ᠠ ᠶᠢ ᠪᠠᠲᠤᠯᠠᠬᠤ ᠪᠠᠷ | ᠭᠠᠷᠳᠠᠴᠠ ᠪᠣᠯᠭᠠᠵᠤ᠂ ᠪᠠᠶᠠᠷ ᠤᠨ ᠡᠳᠦᠷ ᠤᠨ ᠪᠠᠷᠠᠭᠠᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠤᠯᠠᠮ ᠨᠢᠭᠡ | ᠠᠯᠬᠤᠮ ᠴᠢᠩᠭ᠎ᠠ ᠠᠳᠬᠤᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠥᠷᠭᠡᠨ ᠣᠯᠠᠨ | ᠲᠦᠮᠡᠨ ᠤ ᠢᠳᠡᠵᠦ ᠤᠤᠭᠤᠬᠤ ᠳᠠᠭᠠᠨ ᠰᠠᠨᠠᠭ᠎ᠠ ᠠᠮᠤᠷ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ ︽ᠬᠥᠬᠡᠬᠤᠲᠠ ᠶᠢᠨ ᠣᠶᠣᠨᠲᠤ ᠬᠥᠬᠡ ᠬᠤᠲᠠ ︵ᠨᠢᠭᠡᠳᠦᠭᠡᠷ ᠬᠤᠭᠤᠴᠠᠭ᠎ᠠ︶ ᠶᠢᠨ | ᠪᠦᠲᠦᠭᠡᠨ ᠪᠠᠶᠢᠭᠤᠯᠤᠯᠲᠠ ᠶᠢᠨ ᠲᠥᠰᠥᠯ︾ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠨᠴᠠ | ᠤᠷᠢᠭᠰᠠᠨ ᠲᠤᠰᠬᠠᠢ ᠮᠡᠷᠭᠡᠵᠢᠯᠲᠡᠨ ᠯᠠᠪᠯᠠᠭᠴᠢ ᠶᠢᠨ ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠵᠥᠪᠯᠡᠵᠦ ᠵᠠᠷᠴᠢᠮ | ᠳᠡᠭᠡᠷ᠎ᠡ ᠪᠠᠨ ᠪᠠᠲᠤᠯᠠᠵᠠᠢ᠃ | ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ ᠯᠧᠢ᠂ ᠰᠢᠦᠢ ᠷᠦᠢ ᠰᠢᠶᠠ᠂ ᠪᠢ ᠭᠥᠸᠧ | ᠴᠧᠨ᠂ ᠮᠠᠤ ᠪᠣᠣ ᠹᠧᠩ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ | ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ︵ᠯᠢ ᠬᠠᠢ ᠵᠧᠨ︶ |