ᠲᠦᠷᠦᠭᠦᠬᠡᠨ᠂ ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ | ᠲᠣᠪᠴᠢᠶ᠎ᠠ ᠠᠴᠠ ᠭᠤᠤᠯᠯᠠᠨ ᠡᠷᠭᠢᠯᠡᠭᠰᠡᠨ ᠬᠡᠪ ᠪᠣᠯᠪᠠᠰᠤᠷᠠᠯ ᠰᠠᠶᠢᠲᠠᠢ ᠲᠠᠷᠢᠶᠠᠴᠢᠳ ᠤᠨ ᠰᠤᠷᠭᠠᠨ ᠬᠥᠮᠦᠵᠢᠯ ᠤᠨ | ᠪᠣᠯᠪᠠᠰᠣᠷᠠᠯ ᠤᠨ ᠠᠩᠭᠢ ᠬᠢᠴᠢᠶᠡᠯ ᠡᠬᠢᠯᠡᠪᠡ᠃ ᠰᠠᠶᠢᠬᠠᠨ ᠲᠣᠭᠤᠷᠢᠭ ᠤᠨ 5 ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠲᠠᠷᠢᠮᠠᠯ ᠤᠨ ᠲᠣᠮᠣ ᠡᠷᠦᠬᠡ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠵᠤ ᠶᠠᠪᠤᠭ᠎ᠠ | ᠵᠠᠯᠠᠭᠤᠴᠤᠳ᠂ ᠵᠠᠬᠢᠶᠠᠯᠠᠭ᠎ᠠ ᠶᠢᠨ ᠲᠠᠷᠢᠶᠠᠯᠠᠩ ᠤᠨ ᠬᠤᠷᠰᠢᠶ᠎ᠠ ᠶᠢᠨ ᠬᠠᠷᠢᠭᠤᠴᠠᠯᠭᠠᠲᠠᠨ ᠵᠢᠴᠢ ᠭᠠᠴᠠᠭᠠᠨ ᠤ | ᠠᠷᠠᠳ ᠤᠨ ᠵᠥᠪᠯᠡᠯ ᠤᠨ ᠬᠡᠰᠡᠭ ᠠᠵᠢᠯᠲᠠᠨ ᠪᠣᠯᠪᠠᠰᠤᠷᠠᠯ ᠤᠨ ᠠᠩᠭᠢ ᠳᠤ ᠰᠣᠷᠣᠯᠴᠠᠵᠤ᠂ ᠬᠢᠴᠢᠶᠡᠯ ᠤᠨ ᠭᠡᠷ ᠲᠤ | ᠰᠠᠭᠤᠵᠤ ᠨᠠᠷᠢᠨ ᠬᠢᠨᠠᠮᠠᠭᠠᠢ ᠬᠢᠴᠢᠶᠡᠯ ᠰᠣᠨᠣᠰᠴᠠᠢ᠃ | ︽ᠥᠨᠥᠳᠦᠷ᠂ ᠣᠯᠠᠨ ᠢ ᠡ᠊ᠨᠳᠡ ᠴᠣᠭᠯᠠᠭᠤᠯᠣᠨ᠂ ᠶᠡᠭᠡ ᠰᠤᠷᠭᠠᠭᠤᠯᠢ ᠶᠢᠨ ᠫᠷᠤᠹᠧᠰᠰᠤᠷ ᠢ ᠣᠷᠢᠵᠣ᠂ | ᠲᠠᠷᠢᠶᠠᠯᠠᠩ ᠤᠨ ᠮᠡᠷᠭᠡᠵᠢᠯ ᠪᠣᠯᠤᠨ ᠬᠠᠤᠯᠢ ᠴᠠᠭᠠᠵᠠ ᠶᠢᠨ ᠲᠠᠯ᠎ᠠ ᠶᠢᠨ ᠮᠡᠳᠡᠯᠭᠡ ᠶᠢ ᠶᠠᠷᠢᠭᠤᠯᠬᠤ ᠪᠣᠯᠣᠨ᠎ᠠ᠂ | ᠣᠯᠠᠨ ᠢᠶᠠᠷ ᠢᠶᠠᠨ ᠠᠩᠬᠠᠷᠤᠨ ᠰᠣᠨᠣᠰᠴᠤ᠂ ᠨᠠᠷᠢᠨ ᠬᠢᠨᠠᠮᠠᠭᠠᠶ ᠰᠣᠷᠴᠣ᠂ ᠠᠰᠠᠭᠤᠯᠲᠠ ᠪᠠᠶᠢᠪᠠᠯ ᠳᠤᠷᠠᠳᠤᠨ | ᠭᠠᠷᠭᠠᠵᠤ᠂ ᠲᠤᠰᠬᠠᠶ ᠮᠡᠷᠭᠡᠵᠢᠯᠲᠡᠨ ᠠᠴᠠ ᠲᠤᠬᠠᠶ ᠶᠢᠨ ᠴᠠᠭ ᠲᠤᠨᠢ ᠬᠠᠷᠢᠭᠤᠯᠲᠠ ᠦᠭᠬᠦ ᠪᠣᠯᠤᠨ᠎ᠠ᠃︾ ᠬᠡᠵᠣ | ᠪᠣᠯᠪᠠᠰᠤᠷᠠᠯ ᠤᠨ ᠠᠩᠭᠢ ᠶᠢᠨ ᠬᠠᠷᠢᠭᠤᠴᠠᠯᠭᠠᠲᠠᠨ᠂ ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ | ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠢᠳᠡᠰᠢᠨ ᠨᠣᠭᠤᠭ᠎ᠠ ᠶᠢᠨ ᠮᠡᠷᠭᠡᠵᠢᠯ ᠳᠡᠯᠭᠡᠷᠡᠭᠦᠯᠬᠦ ᠥᠷᠲᠡᠭᠡᠨ ᠤ | ᠲᠠᠷᠤᠭ᠎ᠠ ᠵᠠᠩ ᠰᠢ ᠶᠢᠨ ᠳᠥᠭᠦᠮᠬᠡᠨ ᠡᠬᠢᠯᠡᠯᠲᠡ ᠶᠢᠨ ᠦᠭᠡ ᠬᠡᠯᠡᠵᠦ ᠪᠣᠯᠪᠠᠰᠤᠷᠠᠯ ᠤᠨ ᠬᠢᠴᠢᠶᠡᠯ ᠡᠬᠢᠯᠡᠪᠡ᠃ 55 | ᠲᠠᠷᠢᠶᠠᠴᠢᠨ ᠰᠤᠷᠤᠭᠴᠢ ᠶᠢᠨ ᠳᠣᠲᠣᠷ᠎ᠠ ᠦᠰᠦ ᠨᠢ ᠪᠤᠭᠤᠷᠤᠯᠲᠤᠭᠰᠠᠨ ᠳᠤᠮᠳᠠ ᠨᠠᠰᠤᠨ ᠤ ᠬᠥᠮᠦᠨ᠂ | ᠲᠡᠮᠳᠡᠭᠯᠡᠯ ᠤᠨ ᠳᠡᠪᠲᠡᠷ ᠪᠠᠷᠢᠭᠰᠠᠨ ᠵᠠᠯᠠᠭᠤᠴᠣᠳ ᠪᠦᠷ ᠪᠠᠶᠢᠨ᠎ᠠ ᠁ ᠲᠡᠳᠡ ᠴᠥᠮ ᠶᠡᠭᠡ ᠰᠤᠷᠭᠠᠭᠤᠯᠢ ᠶᠢᠨ | ᠫᠷᠤᠹᠧᠰᠰᠤᠷ ᠤᠨ ᠬᠢᠴᠢᠶᠡᠯ ᠢ ᠰᠣᠨᠣᠰᠬᠤ ᠪᠠᠷ ᠢᠷᠡᠭᠰᠡᠨ ᠶᠤᠮ᠃ | ︽ᠡᠨᠡ ᠤᠳᠠᠭᠠᠨ ᠤ ᠪᠣᠯᠪᠠᠰᠤᠷᠠᠯ ᠤᠨ ᠠᠩᠭᠢ ᠳᠤ ᠪᠢᠳᠡ ᠲᠤᠰᠬᠠᠶᠢᠯᠠᠨ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ 6 ᠫᠷᠤᠹᠧᠰᠰᠤᠷ ᠪᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ 1 | ᠫᠷᠤᠹᠧᠰᠰᠤᠷ ᠢ ᠤᠷᠢᠵᠤ᠂ ᠰᠤᠷᠤᠭᠴᠢᠳ ᠲᠤ ᠲᠠᠷᠢᠶᠠᠯᠠᠩ ᠤᠨ ᠮᠡᠷᠭᠡᠵᠢᠯ ᠵᠢᠴᠢ ᠬᠠᠤᠯᠢ ᠴᠠᠭᠠᠵᠠ ᠶᠢᠨ ᠲᠠᠯ᠎ᠠ ᠶᠢᠨ | ᠮᠡᠳᠡᠯᠭᠡ ᠶᠢ ᠵᠢᠭᠠᠵᠤ ᠥᠭᠪᠡ᠃ ᠡᠳᠡᠭᠡᠷ ᠰᠤᠷᠤᠭᠴᠢᠳ ᠰᠤᠷᠤᠯᠭ᠎ᠠ ᠲᠡᠭᠦᠰᠦᠭᠰᠡᠨ ᠤ ᠳᠠᠷᠠᠭ᠎ᠠ ᠵᠣᠬᠢᠬᠤ ᠬᠡᠮᠵᠢᠶᠡᠨ ᠤ | ᠲᠠᠷᠢᠶᠠᠯᠠᠩ ᠤᠨ ᠲᠤᠰᠬᠠᠶ ᠮᠡᠷᠬᠡᠵᠢᠯ ᠢ ᠡᠵᠡᠮᠰᠢᠵᠦ᠂ ᠪᠠᠰᠠ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ | ᠣᠶᠢᠯᠭᠠᠨ᠎ᠠ᠂ ᠡᠨᠡ ᠨᠢ ᠮᠠᠨ ᠤ ᠬᠤᠲᠠ ᠠᠩᠬ᠎ᠠ ᠤᠳᠠᠭ᠎ᠠ ᠶᠡᠭᠡ ᠰᠤᠷᠭᠠᠭᠤᠯᠢ ᠶᠢᠨ ᠫᠷᠤᠹᠧᠰᠰᠤᠷ ᠢ ᠤᠷᠢᠵᠤ | ᠬᠢᠴᠢᠶᠡᠯ ᠣᠷᠣᠭᠤᠯᠤᠭᠰᠠᠨ ᠲᠠᠷᠢᠶᠠᠴᠢᠨ ᠤ ᠪᠣᠯᠪᠠᠰᠤᠷᠠᠯ ᠤᠨ ᠠᠩᠭᠢ ᠪᠣᠯᠤᠨ᠎ᠠ︾᠃ ᠵᠠᠩ ᠰᠢ ᠶᠢᠨ | ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠵᠢᠯ ᠮᠠᠨ ᠤ ᠬᠤᠲᠠ 1000 ᠲᠠᠷᠢᠶᠠᠴᠢᠨ ᠢ ᠪᠣᠯᠪᠠᠰᠤᠷᠠᠭᠤᠯᠬᠤ ᠪᠠᠷ | ᠲᠥᠯᠥᠪᠯᠡᠵᠦ ᠪᠠᠶᠢᠨ᠎ᠠ᠂ ᠡᠭᠦᠨ ᠳᠤ ᠰᠠᠶᠢᠬᠠᠨ ᠲᠣᠭᠤᠷᠢᠭ 100 ᠬᠥᠮᠦᠨ ᠪᠣᠯᠪᠠᠰᠤᠷᠠᠭᠤᠯᠤᠨ᠎ᠠ ᠭᠡᠪᠡ᠃ | ᠬᠢᠴᠢᠶᠡᠯ ᠣᠷᠣᠬᠤ ᠳᠤᠮᠳᠠ᠂ ᠫᠷᠤᠹᠧᠰᠰᠤᠷ ᠲᠠᠷᠢᠶᠠᠯᠠᠩ ᠤᠨ ᠮᠡᠷᠭᠡᠵᠢᠯ ᠤᠨ ᠮᠡᠳᠡᠯᠭᠡ ᠶᠢ ᠲᠠᠶᠢᠯᠪᠣᠷᠢᠯᠠᠬᠤ ᠢᠶᠠᠷ | ᠪᠠᠷᠠᠬᠤ ᠦᠭᠡᠢ᠂ ᠪᠠᠰᠠ ᠬᠥᠭᠵᠢᠯᠲᠡ ᠶᠢᠨ ᠴᠢᠳᠠᠪᠤᠷᠢ᠂ ᠡᠬᠢ ᠪᠠᠶᠠᠯᠢᠭ ᠤᠨ ᠬᠠᠮᠠᠭᠠᠯᠠᠯᠲᠠ᠂ ᠦᠷᠭᠦᠯᠵᠢᠯᠡᠬᠦ | ᠬᠥᠭᠵᠢᠯᠲᠡ ᠵᠡᠷᠭᠡ ᠠᠭᠤᠯᠭ᠎ᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠪᠠ᠃ | ᠲᠠᠶᠢᠯᠤᠮᠵᠢ ᠨᠢ ᠭᠦᠨᠵᠡᠭᠡᠶ ᠪᠥᠭᠡᠳ ᠣᠶᠢᠯᠠᠭᠠᠮᠵᠢᠲᠠᠶ᠂ ᠰᠤᠷᠤᠭᠴᠢᠳ ᠨᠠᠷᠢᠨ ᠬᠢᠨᠠᠮᠠᠭᠠᠶ ᠰᠣᠨᠣᠰᠴᠤ᠂ ᠪᠠᠶᠢᠨ ᠪᠠᠶᠢᠨ | ᠲᠣᠯᠣᠭᠠᠶ ᠳᠣᠬᠢᠨ ᠮᠠᠭᠲᠠᠵᠠᠭᠠᠨ᠎ᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠰᠤᠷᠤᠭᠴᠢᠳ ᠪᠦᠷ ᠴᠤᠭᠯᠠᠷᠠᠨ | ᠢᠷᠡᠵᠦ᠂ ᠲᠠᠰᠤᠷᠠᠯᠲᠠ ᠦᠭᠡᠢ ᠠᠰᠠᠭᠤᠵᠤ᠂ ᠫᠷᠤᠹᠧᠰᠰᠤᠷ ᠨᠢᠭᠡ ᠨᠢᠭᠡ ᠪᠠᠷ ᠬᠠᠯᠠᠰᠢᠷᠠᠯ ᠦᠭᠡᠢ ᠬᠠᠷᠢᠭᠤᠯᠣᠨ᠎ᠠ᠃ | ︵ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠵᠢᠶᠦ᠋ᠨ︶ | http://mongol.people.com.cn/15825343.html |