ᠤᠯᠠᠭᠠᠨᠬᠦᠦ ᠶᠢᠨ ᠳᠤᠷᠠᠰᠬᠠᠯ ᠤᠨ ᠣᠷᠳᠣᠨ᠄ ᠦᠨᠳᠦᠰᠦᠲᠡᠨ ᠤ ᠪᠦᠯᠬᠦᠮᠳᠡᠯ ᠨᠡᠶᠢᠭᠡᠮ ᠤᠨ ᠬᠥᠮᠦᠵᠢᠯ ᠤᠨ ᠤᠨᠴᠠᠯᠢᠭᠳᠤ ᠲᠦᠷᠦᠯ ᠲᠡᠮᠳᠡᠭ ᠢ ᠡᠭᠦᠳᠪᠡ
ᠨᠡᠶᠢᠲᠡᠯᠡᠭᠰᠡᠨ ᠴᠠᠭ᠄
2020/9/27
     ᠤᠯᠠᠭᠠᠨᠬᠦᠦ ᠶᠢᠨ ᠳᠤᠷᠠᠰᠬᠠᠯ ᠤᠨ ᠣᠷᠳᠣᠨ ᠬᠥᠬᠡᠬᠤᠲᠠ ᠶᠢᠨ ᠰᠢᠨᠬᠤᠸ᠋ᠨ ᠪᠠᠷᠠᠭᠤᠨ ᠵᠡᠭᠡᠯᠢ ᠶᠢᠨ 26 ᠳ᠋ᠤᠭᠠᠷ ᠨᠣᠮᠧᠷᠳᠤ ᠤᠯᠠᠭᠠᠨᠬᠦᠦ ᠶᠢᠨ ᠴᠡᠴᠡᠷᠯᠢᠭ ︵ᠤᠤᠯ ᠤᠨ ᠤᠷᠭᠤᠮᠠᠯ ᠤᠨ ᠬᠦᠷᠢᠶᠡᠯᠡᠩ︶ ᠲᠤ ᠪᠠᠶᠢᠷᠢᠯᠠᠵᠤ ᠪᠤᠢ᠃ 1992 ᠣᠨ 12 ᠰᠠᠷ᠎ᠠ ᠶᠢᠨ 23 ᠤ ᠡᠳᠦᠷ ᠡᠭᠦᠳᠡ ᠪᠠᠨ ᠨᠡᠭᠡᠭᠡᠵᠦ᠂ 2005 ᠣᠨ ᠳᠤ ᠤᠷᠭᠤᠮᠠᠯ ᠤᠨ ᠬᠦᠷᠢᠶᠡᠯᠡᠩ ᠢ ᠵᠢᠩᠬᠢᠨᠢ ᠪᠠᠷ ᠤᠯᠠᠭᠠᠨᠬᠦᠦ ᠴᠡᠴᠡᠷᠯᠢᠭ ᠭᠡᠵᠦ ᠬᠠᠯᠠᠵᠤ᠂ ᠴᠡᠴᠡᠷᠯᠢᠭ ᠤᠨ ᠲᠠᠯᠠᠪᠠᠢ ᠨᠢ 400 ᠮᠦ  ᠂ ᠳᠤᠷᠠᠰᠬᠠᠯ ᠤᠨ ᠣᠷᠳᠣᠨ ᠤ ᠡᠵᠡᠯᠡᠬᠦ ᠲᠠᠯᠠᠪᠠᠶ ᠨᠢ 30000 ᠲᠡᠭᠰᠢ ᠳᠥᠷᠪᠡᠯᠵᠢᠨ ᠮᠧᠲᠷ ᠪᠠᠶᠢᠵᠤ᠂ ᠭᠤᠣᠯ ᠣᠷᠳᠣᠨ᠂ ᠳᠤᠷᠠᠰᠬᠠᠯ ᠤᠨ ᠲᠠᠯᠠᠪᠠᠶ᠂ ᠱᠤᠭᠤᠮᠠᠯ ᠬᠥᠷᠥᠭ ᠤᠨ ᠲᠠᠪᠴᠠᠩ᠂ ᠲᠤᠭ ᠮᠠᠨᠳᠤᠭᠤᠯᠬᠤ ᠲᠠᠪᠴᠠᠩ᠂  ᠬᠦᠰᠢᠶ᠎ᠡ ᠰᠠᠷᠠᠪᠴᠢ᠂ ᠴᠠᠮᠬᠠᠭ ᠵᠡᠷᠭᠡ ᠵᠢᠷᠭᠤᠭᠠᠨ ᠬᠡᠰᠡᠭ ᠢᠶᠠᠷ ᠪᠦᠷᠢᠯᠳᠦᠵᠡᠶ᠃ ᠳᠤᠷᠠᠰᠬᠠᠯ ᠤᠨ ᠣᠷᠳᠣᠨ ᠨᠡᠶᠢᠲᠡ 247 ᠭᠡᠷᠡᠯ ᠵᠢᠷᠤᠭ᠂ 121 ᠲᠡᠤᠬᠡ ᠶᠢᠨ ᠳᠤᠷᠠᠰᠬᠠᠯᠲᠤ  ᠵᠣᠶᠢᠯᠡᠰ ᠢ ᠲᠡᠯᠭᠡᠨ ᠦᠵᠡᠬᠦᠯᠵᠤ᠂ ᠰᠤᠷᠪᠤᠯᠵᠢ ᠪᠢᠴᠢᠭ 146 ᠬᠤᠪᠢ ᠪᠠᠶᠢᠵᠤ᠂ ᠦᠵᠡᠰᠬᠦᠯᠡᠩ ᠢ ᠨᠡᠶᠢᠲᠡ 6 ᠬᠡᠰᠡᠭ 12 ᠨᠢᠭᠡᠴᠢ ᠬᠤᠪᠢᠶᠠᠵᠤ᠂ ᠣᠷᠣᠰᠢᠯ ᠲᠢᠩᠬᠢᠮ᠂ ᠺᠢᠨᠣ᠋ ᠭᠠᠷᠭᠠᠬᠤ ᠲᠢᠩᠬᠢᠮ ᠵᠢᠴᠢ 8 ᠦᠵᠡᠭᠦᠯᠦᠯᠭᠡ ᠶᠢᠨ ᠲᠢᠩᠬᠢᠮ ᠲᠣᠬᠢᠷᠠᠭᠤᠯᠵᠠᠢ᠃ ᠤᠯᠠᠭᠠᠨᠬᠦᠦ ᠵᠡᠷᠭᠡ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠢ ᠳᠡᠯᠭᠡᠨ ᠦᠵᠡᠭᠦᠯᠵᠦ᠂ ᠦᠨᠳᠦᠰᠦᠲᠡᠨ ᠤ ᠴᠢᠯᠥᠭᠡᠯᠡᠯᠲᠡ᠂ ᠡᠬᠡ ᠣᠷᠣᠨ ᠤ ᠨᠢᠭᠡᠳᠦᠯ ᠢ ᠲᠡᠮᠡᠴᠡᠨ ᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠢ ᠦᠵᠡᠭᠦᠯᠵᠡᠶ᠃    ︽ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾᠂ ︽ᠪᠦᠬᠦ ᠤᠯᠤᠰ ᠤᠨ  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ︾ ᠪᠣᠯᠤᠭᠰᠠᠨ ᠤ ᠬᠤᠪᠢ ᠳᠤ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠪᠣᠯᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠳᠤᠮᠳᠠ ᠶᠡᠭᠡ ᠬᠡᠮᠵᠢᠶᠡᠨ ᠤ ᠠᠵᠢᠯ ᠬᠢᠵᠡᠢ᠃ ︽ᠤᠯᠠᠭᠠᠨᠬᠦᠦ ᠶᠢᠨ ᠳᠤᠷᠠᠰᠬᠠᠯ ᠤᠨ ᠣᠷᠳᠣᠨ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠦᠬᠦᠨ ᠳᠤ ᠬᠠᠷᠢᠯᠴᠠᠨ ᠬᠠᠪᠰᠤᠷᠤᠯᠴᠠᠬᠤ  ᠪᠠ ᠦᠨᠳᠦᠰᠦᠲᠡᠨ ᠤ  ᠪᠦᠯᠬᠦᠮᠳᠡᠯ  ᠤᠨ ᠡᠨᠧᠷᠭᠢ ᠶᠢ ᠠᠭᠤᠰᠣᠯᠴᠠᠭᠤᠯᠪᠠ᠃ ᠵᠢᠱᠢᠶᠡᠯᠡᠪᠡᠯ ᠳᠡᠯᠭᠡᠨ ᠦᠵᠡᠭᠦᠯᠬᠦ ᠲᠢᠩᠬᠢᠮ ᠤᠨ ᠠᠯᠢᠪᠠ ᠳᠡᠯᠭᠡᠨ ᠦᠵᠡᠭᠦᠯᠬᠦ ᠰᠠᠮᠪᠠᠷ᠎ᠠ ᠶᠢ ᠴᠥᠮ ᠮᠣᠩᠭᠤᠯ᠂ ᠬᠢᠲᠠᠳ᠂ ᠠᠩᠭ᠍ᠯᠢ ᠭᠤᠷᠪᠠᠨ ᠬᠡᠯᠡ ᠪᠠᠷ ᠪᠢᠴᠢᠵᠦ᠂ ᠳᠤᠷᠠᠰᠬᠠᠯ ᠤᠨ ᠣᠷᠳᠣᠨ ᠤ  ᠬᠦᠰᠢᠶ᠎ᠡ ᠰᠠᠷᠠᠪᠴᠢ ᠳᠤ ᠤᠯᠠᠭᠠᠨᠬᠦᠦ ᠨᠥᠬᠦᠷ ᠤᠨ ᠨᠢᠭᠡ ᠨᠠᠰᠤᠨ ᠤ ᠦᠢᠯᠡ ᠠᠵᠢᠯᠯᠠᠭ᠎ᠠ ᠶᠢ ᠮᠣᠩᠭᠤᠯ ᠬᠢᠲᠠᠳ ᠬᠡᠯᠡ ᠪᠠᠷ ᠨᠠᠷᠢᠨ ᠲᠡᠮᠳᠡᠭᠯᠡᠵᠡᠢ᠃ ᠬᠠᠭᠤᠴᠢᠨ ᠰᠠᠭᠤᠴᠠ ᠶᠢᠨ ᠬᠥᠰᠢᠶᠡᠨ ᠤ ᠬᠤᠩᠭᠢᠯ ᠳᠤ ᠥᠪᠡᠷᠲᠡᠭᠡᠨ ᠵᠠᠰᠠᠬᠤ ᠣᠷᠣᠨ ᠤ ᠠᠯᠳᠠᠷᠲᠤ ᠤᠷᠠᠨ ᠪᠢᠴᠢᠯᠭᠡᠲᠡᠨ ᠢ ᠤᠷᠢᠵᠤ ᠮᠣᠩᠭᠤᠯ ᠬᠢᠲᠠᠳ ᠦᠰᠦᠭ ᠢᠶᠠᠷ ᠤᠯᠠᠭᠠᠨᠬᠦᠦ ᠨᠥᠬᠦᠷ ᠤᠨ ᠠᠳᠠᠯᠢ ᠪᠤᠰᠤ ᠴᠠᠭ ᠦᠶ᠎ᠡ ᠶᠢᠨ ᠶᠠᠷᠢᠶᠠᠨ ᠤ ᠴᠢᠬᠤᠯᠠ ᠠᠭᠤᠯᠭ᠎ᠠ ᠶᠢ  ᠬᠠᠭᠤᠯᠵᠤ ᠲᠠᠯᠪᠢᠵᠠᠢ᠃ ᠳᠤᠷᠠᠰᠬᠠᠯ ᠤᠨ ᠣᠷᠳᠣᠨ ᠳᠤ ᠪᠠᠰᠠ ᠡᠯ᠎ᠡ ᠵᠦᠢᠯ ᠤᠨ ᠳᠤᠷᠠᠰᠬᠠᠬᠤ ᠠᠵᠢᠯᠯᠠᠭ᠎ᠠ ᠡᠷᠬᠢᠯᠡᠬᠦ ᠪᠠᠷ ᠳᠠᠮᠵᠢᠭᠤᠯᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠶᠠᠫᠣᠨ ᠢ ᠡᠰᠡᠷᠭᠦᠴᠡᠬᠦ ᠳᠠᠶᠢᠨ ᠤ ᠳᠤᠮᠳᠠ ᠢᠯᠡᠷᠡᠭᠦᠯᠦᠭᠰᠡᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠶᠠᠫᠣᠨ ᠢ ᠡᠰᠡᠷᠭᠦᠴᠡᠬᠦ ᠳᠠᠶᠢᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ  ᠪᠠᠳᠠᠷᠠᠭᠤᠯᠵᠠᠢ᠃︾ ᠬᠡᠵᠣ ᠳᠤᠷᠠᠰᠬᠠᠯ ᠤᠨ ᠣᠷᠳᠣᠨ ᠤ ᠲᠠᠶᠢᠯᠪᠤᠷᠢᠯᠠᠭᠴᠢ ᠱᠢ ᠵᠢᠩ ᠰᠤᠷᠪᠤᠯᠵᠢᠯᠠᠭᠴᠢ ᠳᠤ ᠬᠡᠯᠡᠪᠡ                        ︵ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠱᠠ ᠱᠠ︶                        http://mongol.people.com.cn/15825339.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号