ᠦᠪᠡᠷᠲᠡᠭᠡᠨ ᠵᠠᠰᠠᠬᠤ ᠤᠷᠤᠨ ᠤ ᠲᠡᠰ ᠤᠨ ᠡᠬᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ ᠭᠠᠵᠠᠷ | ᠪᠣᠯᠬᠤ ᠰᠦᠢ ᠶᠤᠸᠠᠨ ᠮᠤᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ ᠬᠠᠭᠤᠴᠢᠨ | ᠪᠠᠭᠤᠷᠢ ᠶᠢᠨ ᠳᠤᠷᠠᠰᠬᠠᠯ ᠤᠨ ᠤᠷᠳᠤᠨ ᠨᠢ ᠳᠠᠷᠤᠢ ᠢᠥᠢ ᠴᠢᠤᠸᠠᠨ ᠲᠤᠭᠤᠷᠢᠭ ᠤᠨ ᠼᠠᠢ ᠱᠧᠨ ᠮᠢᠶᠤᠤ ᠨᠢ ᠶᠡᠭᠡ | ᠵᠤᠤ ᠡᠮᠦᠨ᠎ᠡ ᠵᠡᠭᠡᠯᠢ ᠶᠢᠨ ᠵᠡᠭᠦᠨ ᠲᠠᠯ᠎ᠠ ᠳᠤ ᠪᠠᠶᠢᠷᠢᠯᠠᠵᠤ ᠪᠠᠶᠢᠳᠠᠭ᠃ ᠲᠡᠷᠡ ᠨᠢ ᠪᠤᠮᠪᠤ ᠶᠢᠨ ᠱᠠᠰᠢᠨ ᠤ ᠰᠦᠮ᠎ᠡ | ᠬᠡᠶᠢᠳ ᠤᠨ ᠡᠷᠲᠡᠨ ᠤ ᠪᠠᠷᠢᠯᠭ᠎ᠠ ᠪᠣᠯᠬᠤ ᠪᠠᠷ ᠪᠠᠷᠠᠬᠤ ᠦᠭᠡᠢ᠂ ᠮᠦᠨᠴᠦ ᠣᠶᠢᠷ᠎ᠠ ᠤᠳᠤ ᠦᠶ᠎ᠡ ᠶᠢᠨ ᠴᠢᠬᠤᠯᠠ | ᠬᠤᠪᠢᠰᠬᠠᠯ ᠤᠨ ᠲᠡᠦᠭᠡᠨ ᠪᠠᠭᠤᠷᠢ ᠦᠯᠡᠳᠡᠭᠳᠡᠯ ᠪᠣᠯᠬᠤ ᠶᠤᠮ᠃ ᠤᠷᠳᠤ ᠤᠳᠠᠭᠠᠨ ᠣᠨ ᠵᠢᠯ ᠢ ᠡᠯᠡᠭᠡᠭᠰᠡᠨ ᠡᠨᠡᠬᠦ | ᠡᠷᠲᠡᠨ ᠤ ᠪᠠᠷᠢᠯᠭ᠎ᠠ ᠦᠪᠦᠷ ᠮᠤᠩᠭᠤᠯ ᠤᠨ ᠦᠨᠳᠦᠰᠦᠳᠡᠨ ᠤ ᠴᠢᠯᠦᠭᠡᠯᠡᠯᠲᠡ ᠶᠢᠨ ᠲᠡᠮᠡᠴᠡᠯ ᠤᠨ ᠲᠡᠥᠭᠡ ᠶᠢ | ᠬᠠᠳᠠᠭᠠᠯᠠᠵᠤ ᠪᠠᠶᠢᠳᠠᠭ ᠢᠶᠠᠷ ᠢᠶᠠᠨ ᠨᠡᠩ ᠭᠦᠨ ᠬᠦᠨᠵᠡᠭᠡᠢ ᠤᠳᠬ᠎ᠠ ᠠᠭᠤᠯᠭ᠎ᠠ ᠲᠠᠢ ᠪᠣᠯᠵᠠᠢ ᠃ | | | ᠦᠵᠡᠭᠦᠯᠦᠯᠭᠡ ᠶᠢᠨ ᠤᠷᠳᠤᠨ ᠲᠤᠳᠤᠷᠠᠬᠢ ᠬᠤᠪᠢᠰᠬᠠᠯ ᠤᠨ ᠦᠨᠡᠲᠦ ᠭᠡᠷᠡᠯ ᠵᠢᠷᠤᠭ ᠤᠳ ᠪᠠ ᠬᠠᠭᠤᠴᠢᠨ | ᠡᠳ᠋ ᠪᠤᠳᠠᠰ ᠤᠳ ᠨᠢ ᠲᠤᠬᠠᠢ ᠶᠢᠨ ᠵᠢᠯ ᠤᠨ ᠡᠪ ᠬᠠᠮᠳᠤ ᠨᠠᠮᠳᠠᠳ ᠤᠨ ᠬᠠᠳᠠᠨ ᠪᠠᠲᠤ ᠰᠦᠰᠦ ᠵᠣᠷᠢᠭ ᠪᠠ | ᠬᠦᠰᠡᠯᠡᠩ ᠢᠲᠡᠭᠡᠯ ᠪᠢᠰᠢᠷᠡᠯ ᠤᠨ ᠢᠶᠠᠨ ᠲᠦᠯᠦᠭᠡ ᠴᠤᠴᠠᠰᠢ ᠦᠭᠡᠢ ᠲᠡᠮᠡᠴᠡᠭᠰᠡᠨ ᠦᠯᠢᠭᠡᠷ ᠦᠢᠯᠡ ᠶᠠᠪᠤᠳᠠᠯ ᠢ | ᠲᠠᠬᠢᠨᠳᠠ ᠬᠠᠷᠠᠭᠤᠯᠵᠤ ᠪᠠᠶᠢᠳᠠᠭ᠃ | | | | | | | | ᠰᠦᠢ ᠶᠤᠸᠠᠨ ᠮᠤᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ ᠲᠡᠦᠭᠡ ᠶᠢᠨ | ᠲᠤᠬᠠᠢ ᠬᠦᠦᠷᠨᠢᠬᠦ ᠳᠤ᠂1939 ᠣᠨ ᠳᠤ ᠰᠦᠢ ᠶᠤᠸᠠᠨ ᠤᠷᠤᠨ ᠤ ᠨᠢᠭᠤᠴᠠ ᠨᠠᠮᠳᠠᠨ ᠯᠢᠦ ᠬᠤᠩ ᠰᠢᠶᠦ᠋ᠩ᠂ | ᠬᠤᠤ ᠳ᠋ᠧᠩ ᠬᠤᠩ ᠵᠡᠷᠭᠡ ᠨᠦᠭᠦᠳ ᠭᠦᠢ ᠰᠦᠢ ︵ᠤᠤᠯ ᠤᠨ ᠭᠦᠢ ᠬᠤᠸᠠ ᠬᠤᠳᠠ︶ ᠳᠤ ᠤᠷᠤᠵᠤ ᠶᠠᠫᠤᠨ ᠢ | ᠡᠰᠡᠷᠭᠦᠴᠡᠵᠦ ᠮᠦᠬᠦᠯ ᠠᠴᠠ ᠠᠪᠤᠷᠠᠬᠤ ᠬᠦᠳᠡᠯᠭᠡᠭᠡᠨ ᠦᠷᠨᠢᠭᠦᠯᠵᠡᠢ᠃ ᠲᠡᠳᠡ ᠼᠠᠢ ᠱᠧᠨ ᠮᠢᠶᠤᠤ ᠶᠢᠨ ᠮᠤᠩᠭᠤᠯ | ᠬᠢᠵᠠᠭᠠᠷ ᠤᠨ ᠪᠣᠮᠪᠤ ᠶᠢᠨ ᠱᠠᠰᠢᠨ ᠤ ᠡᠪᠯᠡᠯ ᠢᠶᠠᠷ ᠬᠠᠯᠬᠠᠪᠴᠢ ᠪᠣᠯᠭᠠᠵᠤ ᠬᠤᠪᠢᠰᠬᠠᠯᠳᠤ ᠲᠡᠮᠡᠴᠡᠯ ᠶᠠᠪᠤᠭᠤᠯᠤᠨ ᠰᠦᠢ | ᠶᠤᠸᠠᠨ ᠮᠤᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠢ ᠪᠠᠶᠢᠭᠤᠯᠵᠠᠢ᠃ ᠤᠯᠤᠰ ᠢᠶᠠᠨ | ᠠᠪᠤᠷᠠᠬᠤ ᠬᠤᠷᠠᠯ ᠤᠨ ᠶᠡᠷᠦᠩᠬᠡᠢ ᠲᠥᠪ ᠢ ᠼᠠᠢ ᠱᠧᠨ ᠮᠢᠶᠤᠤ ᠳᠤ ᠭᠠᠷᠭᠠᠵᠤ᠂ ᠨᠡᠷ᠎ᠡ ᠲᠡᠭᠡᠷ᠎ᠡ ᠪᠠᠨ ᠪᠣᠮᠪᠤ ᠶᠢᠨ | ᠱᠠᠰᠢᠨᠳᠠᠨ ᠡᠯᠰᠡᠵᠦ ᠪᠠᠶᠢᠭᠰᠠᠨ ᠴᠤ ᠦᠨᠡᠨᠳᠡᠭᠡᠨ ᠨᠢᠭᠤᠴᠠ ᠪᠠᠷ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ | ᠬᠤᠷᠠᠯ ᠳᠠᠭᠠᠨ ᠭᠡᠰᠢᠭᠦᠨ ᠡᠯᠰᠡᠵᠦ ᠪᠠᠶᠢᠪᠠ᠃ ᠶᠠᠫᠤᠨ ᠢ ᠡᠰᠡᠷᠭᠦᠴᠡᠵᠦ ᠤᠯᠤᠰ ᠠᠴᠠ ᠠᠪᠤᠷᠠᠬᠤ ᠬᠤᠷᠠᠯ ᠨᠢ ᠵᠦᠭ | ᠪᠣᠯᠭᠠᠨ ᠳᠤ ᠠᠵᠢᠯᠯᠠᠭ᠎ᠠ ᠶᠠᠪᠤᠭᠤᠯᠵᠤ᠂ ᠨᠢᠭᠤᠴᠠ ᠪᠠᠷ ᠬᠤᠯᠪᠤᠭᠠᠯᠠᠨ᠂ ᠡᠯ᠎ᠡ ᠠᠵᠢᠯ ᠲᠦᠷᠦᠯ ᠤᠨ ᠳᠠᠪᠰᠢᠩᠭᠤᠢ | ᠬᠦᠮᠦᠰ ᠤᠨ ᠲᠤᠳᠤᠷ᠎ᠠ ᠶᠠᠫᠤᠨ ᠢ ᠡᠰᠡᠷᠭᠦᠴᠡᠵᠦ ᠮᠦᠬᠦᠯ ᠠᠴᠠ ᠠᠪᠤᠷᠠᠬᠤ ᠦᠵᠡᠯ ᠰᠠᠨᠠᠭ᠎ᠠ ᠶᠢ ᠤᠬᠠᠭᠤᠯᠵᠤ ᠪᠠᠶᠢᠪᠠ | ᠃ ᠲᠡᠳᠡ ᠠᠷᠠᠳ ᠤᠨ ᠰᠡᠳᠬᠢᠯ ᠢ ᠣᠯᠵᠤ ᠤᠳᠠᠯ ᠦᠭᠡᠢ ᠬᠦᠭᠵᠢᠨ ᠪᠤᠵᠠᠭᠠᠶᠢᠷᠠᠵᠤ ᠢᠷᠡᠵᠡᠢ᠃ ᠵᠦᠪᠬᠡᠨ 1939 | ᠣᠨ ᠠᠴᠠ1940 ᠣᠨ ᠪᠣᠯᠳᠠᠯᠠᠬᠢ ᠬᠤᠭᠤᠴᠠᠭᠠᠨ ᠳᠤ ᠪᠠᠭᠰᠢ᠂ ᠰᠤᠷᠤᠭᠴᠢ᠂ ᠲᠡᠮᠦᠷ ᠵᠠᠮ ᠤᠨ ᠬᠢᠨ ᠵᠡᠷᠭᠡ | ᠤᠯᠠᠨ ᠬᠦᠮᠦᠰ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠳᠤ ᠤᠷᠤᠯᠴᠠᠨ᠂ ᠭᠦᠢ ᠰᠦᠢ ᠬᠤᠳᠠ | ᠴᠢᠨᠠᠭᠰᠢᠯᠠᠪᠠᠯ ᠰᠦᠢ ᠶᠤᠸᠠᠨ ᠮᠤᠵᠢ ᠶᠢᠨ ᠴᠢᠬᠤᠯᠠ ᠨᠢᠭᠡᠨ ᠶᠠᠫᠤᠨ ᠢ ᠡᠰᠡᠷᠬᠦᠴᠡᠵᠦ ᠬᠦᠴᠦᠨ ᠪᠣᠯᠵᠤ | ᠪᠦᠷᠢᠯᠳᠦᠭᠡᠳ ᠪᠠᠭ᠎ᠠ ᠪᠣᠰᠤ ᠲᠠᠪᠰᠢᠩᠭᠤᠢ ᠵᠠᠯᠠᠭᠤᠴᠤᠳ ᠢ ᠬᠠᠪᠰᠤᠷᠤᠨ ᠶᠠᠨ ᠠᠨ ᠪᠠ ᠳᠠᠯᠠᠨ ᠬᠠᠷ᠎ᠠ | ᠠᠭᠤᠯᠠ ᠶᠢᠨ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠲᠤ ᠶᠠᠪᠤᠭᠤᠯᠪᠠ᠃ | | | | | | ᠲᠡᠦᠭᠡᠨ ᠳᠤᠷᠠᠰᠬᠠᠯᠳᠤ ᠪᠤᠳᠠᠰ ᠡᠷᠲᠡᠨ ᠤ ᠬᠠᠭᠤᠴᠢᠨ ᠪᠠᠭᠤᠷᠢ ᠦᠯᠡᠳᠡᠭᠳᠡᠯ ᠢ ᠬᠠᠮᠠᠭᠠᠯᠠᠵᠤ᠂ ᠬᠦᠬᠡᠬᠤᠲᠠ | ᠶᠢᠨ ᠲᠡᠦᠭᠡ ᠰᠤᠶᠤᠯ ᠢ ᠤᠯᠠᠮᠵᠢᠯᠠᠨ ᠵᠠᠯᠭᠠᠮᠵᠢᠯᠠᠬᠤ ᠶᠢᠨ ᠲᠦᠯᠦᠭᠡ᠂2006 ᠣᠨ ᠠᠴᠠ ᠡᠬᠢᠯᠡᠵᠦ ᠼᠠᠢ ᠱᠧᠨ | ᠮᠢᠶᠤᠤ ᠶᠢᠨ ᠶᠡᠭᠡ ᠲᠤᠭᠠᠩ᠂ ᠡᠭᠦᠳᠡ ᠵᠡᠷᠭᠡ ᠶᠢ ᠵᠠᠰᠠᠵᠤ ᠰᠢᠨᠡᠳᠬᠡᠭᠰᠡᠨ ᠤ ᠬᠠᠮᠳᠤ ᠶᠡᠭᠡ ᠲᠤᠭᠠᠩ ᠤᠨ ᠵᠡᠭᠦᠨ | ᠪᠠᠷᠠᠭᠤᠨ ᠬᠡᠷᠡᠮ ᠢ ᠴᠢᠩ ᠤᠯᠤᠰ ᠤᠨ ᠦᠶ᠎ᠡ ᠶᠢᠨ ᠭᠤᠴᠤ ᠰᠠᠶᠢᠬᠠᠨ ᠬᠠᠨ᠎ᠠ ᠶᠢᠨ ᠵᠢᠷᠤᠭ ᠢᠶᠠᠷ ᠲᠦᠭᠦᠷᠭᠡᠵᠡᠢ᠃ | 2007 ᠣᠨ ᠳᠤ ᠶᠡᠭᠡ ᠲᠤᠭᠠᠩ ᠤᠨ ᠤᠤᠯ ᠤᠨ ᠰᠤᠭᠤᠮᠠᠯ ᠢ ᠰᠡᠷᠭᠦᠭᠡᠵᠦ᠂ ᠮᠦᠨ ᠵᠢᠯ ᠤᠨ12 ᠰᠠᠷ᠎ᠠ ᠳᠤ | ᠠᠵᠢᠯ ᠢᠶᠠᠨ ᠪᠠᠷᠠᠭᠠᠭᠠᠳ ᠪᠦᠬᠦ ᠲᠠᠯ᠎ᠠ ᠪᠠᠷ ᠭᠠᠳᠠᠭᠰᠢ ᠨᠡᠭᠡᠭᠡᠭᠰᠡᠨ ᠪᠠᠶᠢᠨ᠎ᠠ᠃ | 2009 ᠣᠨ ᠳᠤ ᠠᠷᠤ ᠶᠢᠨ ᠠᠰᠠᠷ ᠲᠤ ᠰᠦᠢ ᠶᠤᠸᠠᠨ ᠮᠤᠩᠭᠤᠯ ᠤᠨ ᠶᠠᠫᠤᠨ ᠢ ᠡᠰᠡᠷᠭᠦᠴᠡᠵᠦ | ᠤᠯᠤᠰ ᠢᠶᠠᠨ ᠠᠪᠤᠷᠠᠬᠤ ᠬᠤᠷᠠᠯ ᠤᠨ ᠲᠡᠯᠭᠡᠨ ᠦᠵᠡᠭᠦᠯᠦᠯᠭᠡ ᠶᠢ ᠨᠡᠭᠡᠭᠡᠵᠦ᠂ ᠰᠦᠢ ᠶᠤᠸᠠᠨ ᠮᠣᠩᠭᠤᠯ ᠤᠨ ᠶᠠᠫᠤᠨ ᠢ | ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ ᠡᠭᠦᠰᠴᠦ ᠪᠦᠷᠢᠯᠳᠦᠭᠰᠡᠨ ᠪᠠ ᠲᠡᠮᠡᠴᠡᠯ ᠤᠨ ᠲᠡᠦᠭᠡ ᠶᠢ | ᠬᠠᠷᠠᠭᠤᠯᠤᠭᠰᠠᠨ ᠪᠠᠶᠢᠨ᠎ᠠ᠃2006 ᠣᠨ ᠳᠤ ᠦᠪᠡᠷᠲᠡᠭᠡᠨ ᠵᠠᠰᠠᠬᠤ ᠤᠷᠤᠨ ᠤ ᠲᠡᠰ ᠤᠨ ᠭᠤᠣᠯᠳᠠᠯᠭ᠎ᠠ ᠲᠠᠢ | ᠲᠡᠦᠭᠡᠨ ᠲᠤᠷᠠᠰᠬᠠᠯᠳᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ ᠲᠣᠭᠲᠠᠭᠠᠪᠠ᠃ | | | ᠢᠷᠡᠯᠲᠡ᠄ ᠬᠦᠬᠡᠬᠤᠲᠠ ᠶᠢᠨ ᠷᠠᠳᠢᠤ᠋ ᠲᠧᠯᠸᠢᠰ ᠬᠤᠷᠢᠶ᠎ᠠ | ᠬᠦᠬᠡᠬᠤᠲᠠ ᠶᠢᠨ ᠡᠳᠦᠷ ᠤᠨ ᠰᠣᠨᠢᠨ ᠤ ᠠᠯᠪᠠᠨ ᠰᠦᠯᠵᠢᠶ᠎ᠡ | |