ᠦᠪᠤᠷ ᠮᠤᠩᠭᠤᠯ  ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ︽ᠨᠢᠭᠡ ᠦᠷᠲᠡᠭᠡ ᠬᠡᠯᠪᠡᠷᠢ︾ ᠶᠢᠨ ᠦᠢᠯᠡᠴᠢᠯᠡᠭᠡᠨ ᠤ ᠰᠦᠯᠵᠢᠶᠡᠨ ᠴᠡᠭ 2165 ᠶᠢ ᠪᠠᠶᠢᠭᠤᠯᠪᠠ
ᠨᠡᠶᠢᠲᠡᠯᠡᠭᠰᠡᠨ ᠴᠠᠭ᠄
2020/9/27
       ᠬᠦᠬᠡᠬᠤᠳᠠ ᠶᠢᠨ ᠡᠳᠤᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠮᠢᠶᠤᠤ ᠴᠢᠩ︶ ᠰᠤᠷᠪᠤᠯᠵᠢᠯᠠᠭᠴᠢ 9 ᠰᠠᠷ᠎ᠠ ᠶᠢᠨ 24 ᠤ ᠡᠳᠤᠷ ᠤᠶᠢᠯᠠᠭᠠᠭᠰᠠᠨ ᠢᠶᠠᠷ᠂ ᠪᠦᠬᠦ ᠤᠷᠤᠨ ᠤ ︽ ᠨᠢᠭᠡ ᠰᠦᠯᠵᠢᠶ᠎ᠡ ᠨᠢᠭᠡ ᠡᠷᠦᠬᠡ ᠨᠢᠭᠡ ᠤᠳᠠᠭ᠎ᠠ︾ ᠶᠢᠨ ᠦᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂  ᠨᠡᠶᠢᠭᠡᠮ ᠤᠨ ᠪᠠᠲᠤᠯᠠᠭ᠎ᠠ ᠶᠢᠨ ᠺᠠᠷᠲ  ᠭᠦᠢᠴᠡᠳᠭᠡᠬᠦ ᠦᠷᠭᠡᠨ ᠤᠯᠠᠨ ᠲᠦᠮᠡᠨ ᠳᠤ ᠨᠡᠩ ᠲᠦᠭᠦᠮ ᠲᠦᠲᠡ ᠦᠢᠯᠡᠴᠢᠯᠡᠭᠡ ᠬᠠᠩᠭᠠᠬᠤ ᠶᠢᠨ ᠲᠤᠰᠡᠲᠠ᠂ ᠦᠪᠡᠷᠲᠡᠭᠡᠨ ᠵᠠᠰᠠᠬᠤ ᠤᠷᠤᠨ ᠤ ᠬᠦᠮᠤᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠲᠢᠩᠬᠢᠮ ᠨᠢ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠤᠷᠰᠢᠭᠰᠠᠨ ᠪᠠᠩᠭᠢ ᠯᠤᠭ᠎ᠠ ᠢᠳᠡᠪᠬᠢᠲᠡᠢ ᠬᠠᠷᠢᠯᠴᠠᠵᠦ᠂ ︽ ᠨᠢᠭᠡ ᠦᠷᠲᠡᠭᠡ ᠬᠡᠯᠪᠡᠷᠢ︾   ᠶᠢᠨ ᠦᠢᠯᠡᠴᠢᠯᠡᠭᠡᠨ ᠤ ᠰᠦᠯᠵᠢᠶᠡᠨ ᠴᠡᠭ ᠪᠤᠯᠤᠨ ︽ ᠺᠠᠷᠲ ᠲᠦᠷᠭᠡᠨ ᠤᠯᠭᠤᠬᠤ︾ ᠦᠢᠯᠡᠴᠢᠯᠡᠭᠡᠨ ᠤ ᠲᠤᠤᠷ ᠴᠡᠭ ᠤᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠦ᠂ ᠤᠤᠯ ᠨᠢ ᠬᠦᠮᠤᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠪᠤᠯᠤᠨ ᠪᠠᠩᠭᠢ ᠬᠤᠶᠠᠷ ᠰᠠᠯᠠᠭ᠎ᠠ ᠮᠦᠴᠢᠷ ᠲᠤᠰ ᠲᠤᠰ ᠲᠠᠭᠠᠨ ᠬᠠᠷᠢᠭᠤᠴᠠᠵᠦ ᠪᠠᠶᠢᠭᠰᠠᠨ ᠨᠡᠶᠢᠭᠡᠮ ᠤᠨ ᠪᠠᠲᠤᠯᠠᠭ᠎ᠠ  ᠶᠢᠨ ᠺᠠᠷᠲ ‍ᠤᠨ‌‍ᠲ᠋ᠤᠬᠠᠶᠢᠯᠠᠭᠰᠠᠨ ᠠᠵᠢᠯ ᠢ ᠲᠦᠪᠯᠡᠷᠡᠭᠦᠯᠦᠭᠰᠡᠨ ᠬᠡᠯᠪᠡᠷᠢ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ  ᠤᠨ ᠰᠢᠰᠲ᠋ᠧᠮ ᠢᠶᠠᠷ ᠳᠠᠮᠵᠢᠭᠤᠯᠤᠨ᠂ ᠨᠡᠶᠢᠯᠡᠭᠦᠯᠤᠨ ᠨᠢᠭᠡᠳᠭᠡᠵᠦ ᠪᠠᠩᠭᠢ ᠶᠢᠨ ᠳᠠᠪᠴᠠᠩ ᠳᠤ ᠨᠢᠭᠡᠯᠡ ᠤᠳᠠᠭ᠎ᠠ ᠳᠤ ᠭᠦᠢᠴᠡᠳᠭᠡᠬᠦ ᠪᠤᠯᠭᠠᠪᠠ᠃            ᠤᠶᠢᠯᠠᠭᠠᠭᠰᠠᠨ ᠢᠶᠠᠷ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ︽ᠨᠢᠭᠡ ᠦᠷᠲᠡᠭᠡ ᠬᠡᠯᠪᠡᠷᠢ︾  ᠶᠢᠨ ᠦᠢᠯᠡᠴᠢᠯᠡᠭᠡᠨ ᠤ ᠰᠦᠯᠵᠢᠶᠡᠨ ᠴᠡᠭ ᠨᠢ ᠪᠠᠷᠢᠮᠵᠢᠶᠠᠵᠢᠭᠰᠠᠨ ᠦᠢᠯᠡᠴᠢᠯᠡᠭᠡᠨ ᠤ ᠶᠠᠪᠤᠴᠠ᠂ ᠡᠯᠧᠺᠲᠷᠤᠨᠴᠢᠯᠡᠭᠰᠡᠨ ᠠᠯᠪᠠᠯᠠᠬᠤ ᠵᠠᠭᠪᠤᠷ᠂ ᠤᠶᠤᠨᠴᠢᠯᠠᠭᠰᠠᠨ ᠠᠵᠢᠯ ᠤᠨ ᠲᠤᠨᠤᠭᠯᠠᠯ ᠢ ᠬᠡᠷᠡᠭᠯᠡᠨ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ︽ᠲᠠᠷᠤᠶᠢᠬᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠤᠶᠢᠷ᠎ᠠ ᠬᠠᠪᠢ  ᠳᠤᠨᠢ ᠭᠦᠢᠴᠡᠳᠭᠡᠬᠦ᠂ ᠨᠢᠭᠡ ᠤᠳᠠᠭ᠎ᠠ ᠳᠤ ᠭᠦᠢᠴᠡᠳᠭᠡᠬᠦ︾ ᠦᠢᠯᠡᠴᠢᠯᠡᠭᠡ ᠶᠢ ᠪᠦᠬᠦ ᠲᠠᠯ᠎ᠠ ᠪᠠᠷ ᠶᠠᠪᠤᠭᠤᠯᠵᠦ᠂ ᠰᠤᠷᠠᠭ ᠵᠠᠩᠭᠢ ᠴᠤᠭᠯᠠᠭᠤᠯᠬᠤ᠂ ᠠᠬᠤᠢ ᠲᠠᠯᠠᠪᠠᠢ ᠳᠤ ᠢᠳᠡᠪᠬᠢᠵᠢᠭᠦᠯᠬᠦ᠂ ᠨᠢᠭᠤᠴᠠ ᠨᠤᠮᠧᠷ ᠢ ᠬᠠᠯᠠᠬᠤ᠂ ᠭᠡᠭᠡᠭᠰᠡᠨ  ᠢᠶᠠᠨ ᠮᠡᠳᠡᠭᠦᠯᠵᠦ ᠲᠠᠶᠢᠯᠬᠤ᠂ ᠨᠢᠭᠡᠳᠦᠯᠲᠡᠢ ᠲᠦᠯᠦᠪᠵᠢᠭᠦᠯᠤᠨ ᠰᠢᠯᠵᠢᠭᠦᠯᠬᠦ ᠵᠡᠷᠭᠡ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠦᠬᠦ ᠠᠮᠢ ᠨᠠᠰᠤᠨ ᠤ ᠡᠷᠬᠢᠯᠲᠡ ᠶᠢᠨ ︽ᠨᠢᠭᠡ ᠦᠷᠲᠡᠭᠡ ᠬᠡᠯᠪᠡᠷᠢ︾   ᠶᠢᠨ ᠭᠦᠢᠴᠡᠳᠭᠡᠯ ᠢ ᠪᠡᠶᠡᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ 10 ᠠᠵᠢᠯᠯᠠᠬᠤ ᠡᠳᠤᠷ ᠲᠤ ᠤᠯᠭᠤᠬᠤ ᠠᠮᠠᠯᠠᠯᠲᠠ ᠶᠢ  ᠪᠡᠶᠡᠯᠡᠭᠦᠯᠪᠡ᠃ ᠤᠳᠤᠬᠠᠨ᠂ ᠪᠦᠬᠦ ᠤᠷᠤᠨ ᠳᠤ ︽ᠨᠢᠭᠡ ᠦᠷᠲᠡᠭᠡ ᠬᠡᠯᠪᠡᠷᠢ︾ ᠶᠢᠨ ᠦᠢᠯᠡᠴᠢᠯᠡᠭᠡᠨ ᠤ ᠴᠡᠭ 2165 ᠶᠢ ᠪᠠᠶᠢᠭᠤᠯᠤᠭᠠᠳ ᠪᠠᠶᠢᠨ᠎ᠠ᠃ ᠡᠭᠦᠨ ᠠᠴᠠ ᠭᠠᠳᠠᠨ᠎ᠠ᠂ ᠬᠡᠰᠡᠭ ᠬᠦᠮᠤᠰ ᠤᠨ ᠨᠡᠶᠢᠭᠡᠮ ᠤᠨ ᠪᠠᠲᠤᠯᠠᠭ᠎ᠠ  ᠶᠢᠨ ᠺᠠᠷᠲ ᠢ ᠪᠠᠴᠢᠮ ᠬᠡᠷᠡᠭᠯᠡᠬᠦ ᠪᠠᠶᠢᠳᠠᠯ ᠢ ᠰᠢᠢᠳᠪᠤᠷᠢᠯᠡᠬᠦ ᠶᠢᠨ ᠲᠤᠯᠠᠲᠠ᠂ ᠦᠪᠤᠷ ᠮᠤᠩᠭᠤᠯ ᠨᠢ ᠪᠠᠰᠠ ᠬᠤᠷᠰᠢᠭᠰᠠᠨ ᠪᠠᠩᠭᠢ ᠢ ᠦᠢᠯᠡᠴᠢᠯᠡᠭᠡᠨ ᠤ ᠤᠷᠤᠨ ᠤ ᠬᠤᠰᠢᠭᠤ ᠰᠢᠶᠠᠨ ᠤ ᠲᠤᠭᠤᠷᠢᠭ ᠲᠤ ᠠᠳᠠᠭ ᠲᠠᠭᠠᠨ ᠨᠢᠭᠡ ︽ ᠺᠠᠷᠲ ᠲᠦᠷᠭᠡᠨ  ᠤᠯᠭᠤᠬᠤ︾ ᠦᠢᠯᠡᠴᠢᠯᠡᠭᠡᠨ ᠤ ᠲᠤᠤᠷ ᠴᠡᠭ  ᠪᠠᠶᠢᠭᠤᠯᠬᠤ ᠶᠢ ᠱᠠᠭᠠᠷᠳᠠᠵᠦ᠂ ᠰᠢᠷᠡᠭᠡᠨ ᠳᠡᠭᠡᠷ᠎ᠡ ᠺᠠᠷᠲ ᠦᠢᠯᠡᠳᠬᠦ᠂ ᠦᠪᠡᠷᠲᠡᠭᠡᠨ ᠺᠠᠷᠲ ᠦᠢᠯᠡᠳᠬᠦ ᠲᠦᠬᠦᠭᠡᠷᠤᠮᠵᠢ᠂ ᠨᠢᠭᠡ ᠦᠷᠲᠡᠭᠡ ᠬᠡᠯᠪᠡᠷᠢ ᠶᠢᠨ ᠰᠡᠭᠦᠳᠡᠷᠯᠡᠬᠦ ᠲᠦᠬᠦᠭᠡᠷᠤᠮᠵᠢ ᠲᠤᠬᠢᠷᠠᠭᠤᠯᠬᠤ ᠪᠠᠷ ᠳᠠᠮᠵᠢᠨ᠂ ᠳ᠋ᠠᠶᠢᠲ᠋ᠠ ᠠᠴᠠ ᠴᠤᠭᠯᠠᠭᠤᠯᠬᠤ᠂ ᠭᠡᠷᠡᠯ ᠵᠢᠷᠤᠭ ᠴᠤᠭᠯᠠᠭᠤᠯᠬᠤ ᠠᠴᠠ ᠠᠪᠤᠭᠠᠳ ᠺᠠᠷᠲ ᠦᠢᠯᠡᠳᠴᠤ ᠤᠯᠭᠤᠬᠤ ᠪᠦᠬᠦ ᠶᠠᠪᠤᠴᠠ ᠶᠢᠨ ᠠᠵᠢᠯ ᠢ ᠨᠢᠭᠡᠯᠡ ᠤᠳᠠᠭᠠᠨ ᠤ ᠴᠢᠨᠠᠷᠲᠠᠢ ᠲᠠᠭᠤᠰᠬᠠᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠠᠬᠤᠢ ᠲᠠᠯᠠᠪᠠᠢ ᠳᠤ ᠦᠢᠯᠡᠳᠴᠤ᠂ ᠠᠪᠤᠨ ᠲᠤᠤᠷ᠎ᠠ ᠨᠢ ᠭᠠᠷᠳᠠᠭᠤᠯᠬᠤ ᠶᠢ  ᠪᠡᠶᠡᠯᠡᠭᠦᠯᠵᠡᠢ᠃ ᠤᠳᠤᠬᠠᠨ᠂ ᠪᠦᠬᠦ ᠤᠷᠤᠨ ᠳᠤ ᠪᠠᠶᠢᠭᠤᠯᠤᠭᠰᠠᠨ ᠺᠠᠷᠲ ᠲᠦᠷᠭᠡᠨ ᠤᠯᠭᠤᠬᠤ ᠰᠦᠯᠵᠢᠶᠡᠨ ᠴᠡᠭ 883 ᠪᠠᠶᠢᠨ᠎ᠠ᠃          ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ︽ᠨᠢᠭᠡ ᠦᠷᠲᠡᠭᠡ ᠬᠡᠯᠪᠡᠷᠢ︾ ᠪᠤᠯᠤᠨ ︽ᠺᠠᠷᠲ ᠲᠦᠷᠭᠡᠨ ᠤᠯᠭᠤᠬᠤ︾ ᠦᠢᠯᠡᠴᠢᠯᠡᠭᠡᠨ ᠤ ᠰᠦᠯᠵᠢᠶᠡᠨ ᠴᠡᠭ ᠤᠨ ᠨᠡᠷᠡᠰ ᠢ ︽ᠦᠪᠤᠷ ᠮᠤᠩᠭᠤᠯ 123331︾ ᠸᠢᠴᠠᠲ  ᠤᠨ ᠤᠯᠠᠨ ᠨᠡᠶᠢᠲᠡ ᠶᠢᠨ ᠲᠠᠪᠴᠠᠩ ᠠᠴᠠ ᠯᠠᠪᠯᠠᠵᠦ ᠪᠤᠯᠤᠨ᠎ᠠ᠃ ᠤᠯᠠᠨ ᠲᠦᠮᠡᠨ ᠦᠪᠡᠷ ᠤᠨ ᠰᠠᠶᠢᠨ ᠲᠤᠷ᠎ᠠ ᠠᠴᠠ  ᠪᠠᠨ ᠺᠠᠷᠲ ᠦᠢᠯᠡᠳᠬᠦ ᠪᠠᠩᠭᠢ ᠪᠠᠨ ᠦᠪᠡᠷᠲᠡᠭᠡᠨ ᠡᠵᠡᠨ ᠮᠡᠳᠡᠨ ᠰᠤᠩᠭᠤᠵᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠰᠢᠨ᠎ᠡ ᠪᠠᠷ ᠭᠤᠶᠤᠴᠢᠯᠠᠨ ᠠᠪᠬᠤ ᠪᠤᠶᠤ ᠨᠦᠬᠦᠵᠦ ᠠᠪᠴᠤ ᠪᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠨᠢᠭᠡᠨᠳᠡ ᠭᠤᠶᠤᠴᠢᠯᠠᠨ ᠠᠪᠤᠭᠰᠠᠨ ᠬᠦᠮᠤᠰ ᠪᠤᠯ ᠠᠯᠢ ᠨᠢᠭᠡᠨ ᠬᠤᠷᠰᠢᠭᠰᠠᠨ ᠪᠠᠩᠭᠢ ᠵᠢᠨ‌ᠨᠡᠶᠢᠭᠡᠮ ᠤᠨ ᠪᠠᠲᠤᠯᠠᠭ᠎ᠠ ᠶᠢᠨ ᠺᠠᠷᠲ ᠭᠡᠰᠡᠨ ᠦᠭᠡᠢ ᠪᠦᠷ ᠬᠡᠪ ᠤᠨ ᠶᠤᠰᠤᠭᠠᠷ ᠬᠡᠷᠡᠭᠯᠡᠵᠦ ᠪᠤᠯᠤᠨ᠎ᠠ᠂ ᠪᠤᠰᠤᠳ ᠪᠠᠩᠭᠢ ᠵᠢᠨ‌ᠨᠡᠶᠢᠭᠡᠮ ᠤᠨ ᠪᠠᠲᠤᠯᠠᠭ᠎ᠠ ᠶᠢᠨ ᠺᠠᠷᠲ ᠢ ᠰᠤᠯᠢᠵᠦ ᠠᠪᠤᠭᠰᠠᠨ ᠤ ᠴᠢᠬᠤᠯᠠᠴᠢᠯᠠᠭ᠎ᠠ ᠦᠭᠡᠢ᠃ http://mongol.people.com.cn/15825296.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号