ᠤᠯᠠᠭᠠᠨᠬᠦᠦ ᠶᠢᠨ ᠳᠤᠷᠠᠰᠬᠠᠯ ᠤᠨ ᠣᠷᠳᠣᠨ ᠬᠥᠬᠡᠬᠤᠲᠠ ᠶᠢᠨ ᠰᠢᠨᠬᠤᠸ᠋ᠨ ᠪᠠᠷᠠᠭᠤᠨ ᠵᠡᠭᠡᠯᠢ ᠶᠢᠨ 26 ᠳ᠋ᠤᠭᠠᠷ ᠨᠣᠮᠧᠷᠳᠤ ᠤᠯᠠᠭᠠᠨᠬᠦᠦ ᠶᠢᠨ ᠴᠡᠴᠡᠷᠯᠢᠭ | ︵ᠤᠤᠯ ᠤᠨ ᠤᠷᠭᠤᠮᠠᠯ ᠤᠨ ᠬᠦᠷᠢᠶᠡᠯᠡᠩ︶ ᠲᠤ ᠪᠠᠶᠢᠷᠢᠯᠠᠵᠤ ᠪᠤᠢ᠃ 1992 ᠣᠨ 12 ᠰᠠᠷ᠎ᠠ ᠶᠢᠨ 23 ᠤ ᠡᠳᠦᠷ ᠡᠭᠦᠳᠡ ᠪᠠᠨ ᠨᠡᠭᠡᠭᠡᠵᠦ᠂ 2005 | ᠣᠨ ᠳᠤ ᠤᠷᠭᠤᠮᠠᠯ ᠤᠨ ᠬᠦᠷᠢᠶᠡᠯᠡᠩ ᠢ ᠵᠢᠩᠬᠢᠨᠢ ᠪᠠᠷ ᠤᠯᠠᠭᠠᠨᠬᠦᠦ ᠴᠡᠴᠡᠷᠯᠢᠭ ᠭᠡᠵᠦ ᠬᠠᠯᠠᠵᠤ᠂ ᠴᠡᠴᠡᠷᠯᠢᠭ ᠤᠨ ᠲᠠᠯᠠᠪᠠᠢ ᠨᠢ 400 ᠮᠦ ᠂ ᠳᠤᠷᠠᠰᠬᠠᠯ ᠤᠨ | ᠣᠷᠳᠣᠨ ᠤ ᠡᠵᠡᠯᠡᠬᠦ ᠲᠠᠯᠠᠪᠠᠶ ᠨᠢ 30000 ᠲᠡᠭᠰᠢ ᠳᠥᠷᠪᠡᠯᠵᠢᠨ ᠮᠧᠲᠷ ᠪᠠᠶᠢᠵᠤ᠂ ᠭᠤᠣᠯ ᠣᠷᠳᠣᠨ᠂ ᠳᠤᠷᠠᠰᠬᠠᠯ ᠤᠨ ᠲᠠᠯᠠᠪᠠᠶ᠂ ᠱᠤᠭᠤᠮᠠᠯ ᠬᠥᠷᠥᠭ ᠤᠨ | ᠲᠠᠪᠴᠠᠩ᠂ ᠲᠤᠭ ᠮᠠᠨᠳᠤᠭᠤᠯᠬᠤ ᠲᠠᠪᠴᠠᠩ᠂ ᠬᠦᠰᠢᠶ᠎ᠡ ᠰᠠᠷᠠᠪᠴᠢ᠂ ᠴᠠᠮᠬᠠᠭ ᠵᠡᠷᠭᠡ ᠵᠢᠷᠭᠤᠭᠠᠨ ᠬᠡᠰᠡᠭ ᠢᠶᠠᠷ ᠪᠦᠷᠢᠯᠳᠦᠵᠡᠶ᠃ ᠳᠤᠷᠠᠰᠬᠠᠯ ᠤᠨ ᠣᠷᠳᠣᠨ | ᠨᠡᠶᠢᠲᠡ 247 ᠭᠡᠷᠡᠯ ᠵᠢᠷᠤᠭ᠂ 121 ᠲᠡᠤᠬᠡ ᠶᠢᠨ ᠳᠤᠷᠠᠰᠬᠠᠯᠲᠤ ᠵᠣᠶᠢᠯᠡᠰ ᠢ ᠲᠡᠯᠭᠡᠨ ᠦᠵᠡᠬᠦᠯᠵᠤ᠂ ᠰᠤᠷᠪᠤᠯᠵᠢ ᠪᠢᠴᠢᠭ 146 ᠬᠤᠪᠢ ᠪᠠᠶᠢᠵᠤ᠂ | ᠦᠵᠡᠰᠬᠦᠯᠡᠩ ᠢ ᠨᠡᠶᠢᠲᠡ 6 ᠬᠡᠰᠡᠭ 12 ᠨᠢᠭᠡᠴᠢ ᠬᠤᠪᠢᠶᠠᠵᠤ᠂ ᠣᠷᠣᠰᠢᠯ ᠲᠢᠩᠬᠢᠮ᠂ ᠺᠢᠨᠣ᠋ ᠭᠠᠷᠭᠠᠬᠤ ᠲᠢᠩᠬᠢᠮ ᠵᠢᠴᠢ 8 ᠦᠵᠡᠭᠦᠯᠦᠯᠭᠡ ᠶᠢᠨ ᠲᠢᠩᠬᠢᠮ | ᠲᠣᠬᠢᠷᠠᠭᠤᠯᠵᠠᠢ᠃ ᠤᠯᠠᠭᠠᠨᠬᠦᠦ ᠵᠡᠷᠭᠡ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠢ ᠳᠡᠯᠭᠡᠨ ᠦᠵᠡᠭᠦᠯᠵᠦ᠂ ᠦᠨᠳᠦᠰᠦᠲᠡᠨ ᠤ | ᠴᠢᠯᠥᠭᠡᠯᠡᠯᠲᠡ᠂ ᠡᠬᠡ ᠣᠷᠣᠨ ᠤ ᠨᠢᠭᠡᠳᠦᠯ ᠢ ᠲᠡᠮᠡᠴᠡᠨ ᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠳᠤ | ᠪᠠᠯᠠᠷᠠᠰᠢ ᠦᠭᠡᠢ ᠭᠠᠪᠢᠶ᠎ᠠ ᠵᠢᠳᠬᠦᠯ ᠢ ᠦᠵᠡᠭᠦᠯᠵᠡᠶ᠃ | ︽ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾᠂ ︽ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ︾ ᠪᠣᠯᠤᠭᠰᠠᠨ ᠤ ᠬᠤᠪᠢ ᠳᠤ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ ᠪᠣᠯᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠳᠤᠮᠳᠠ ᠶᠡᠭᠡ ᠬᠡᠮᠵᠢᠶᠡᠨ ᠤ ᠠᠵᠢᠯ ᠬᠢᠵᠡᠢ᠃ ︽ | ᠤᠯᠠᠭᠠᠨᠬᠦᠦ ᠶᠢᠨ ᠳᠤᠷᠠᠰᠬᠠᠯ ᠤᠨ ᠣᠷᠳᠣᠨ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠪᠦᠳᠦᠭᠡᠨ | ᠪᠠᠶᠢᠭᠤᠯᠤᠯᠲᠠ ᠶᠢᠨ ᠲᠠᠯ᠎ᠠ ᠪᠦᠬᠦᠨ ᠳᠤ ᠬᠠᠷᠢᠯᠴᠠᠨ ᠬᠠᠪᠰᠤᠷᠤᠯᠴᠠᠬᠤ ᠪᠠ ᠦᠨᠳᠦᠰᠦᠲᠡᠨ ᠤ ᠪᠦᠯᠬᠦᠮᠳᠡᠯ ᠤᠨ ᠡᠨᠧᠷᠭᠢ ᠶᠢ ᠠᠭᠤᠰᠣᠯᠴᠠᠭᠤᠯᠪᠠ᠃ | ᠵᠢᠱᠢᠶᠡᠯᠡᠪᠡᠯ ᠳᠡᠯᠭᠡᠨ ᠦᠵᠡᠭᠦᠯᠬᠦ ᠲᠢᠩᠬᠢᠮ ᠤᠨ ᠠᠯᠢᠪᠠ ᠳᠡᠯᠭᠡᠨ ᠦᠵᠡᠭᠦᠯᠬᠦ ᠰᠠᠮᠪᠠᠷ᠎ᠠ ᠶᠢ ᠴᠥᠮ ᠮᠣᠩᠭᠤᠯ᠂ ᠬᠢᠲᠠᠳ᠂ ᠠᠩᠭ᠍ᠯᠢ ᠭᠤᠷᠪᠠᠨ ᠬᠡᠯᠡ ᠪᠠᠷ | ᠪᠢᠴᠢᠵᠦ᠂ ᠳᠤᠷᠠᠰᠬᠠᠯ ᠤᠨ ᠣᠷᠳᠣᠨ ᠤ ᠬᠦᠰᠢᠶ᠎ᠡ ᠰᠠᠷᠠᠪᠴᠢ ᠳᠤ ᠤᠯᠠᠭᠠᠨᠬᠦᠦ ᠨᠥᠬᠦᠷ ᠤᠨ ᠨᠢᠭᠡ ᠨᠠᠰᠤᠨ ᠤ ᠦᠢᠯᠡ ᠠᠵᠢᠯᠯᠠᠭ᠎ᠠ ᠶᠢ ᠮᠣᠩᠭᠤᠯ ᠬᠢᠲᠠᠳ | ᠬᠡᠯᠡ ᠪᠠᠷ ᠨᠠᠷᠢᠨ ᠲᠡᠮᠳᠡᠭᠯᠡᠵᠡᠢ᠃ ᠬᠠᠭᠤᠴᠢᠨ ᠰᠠᠭᠤᠴᠠ ᠶᠢᠨ ᠬᠥᠰᠢᠶᠡᠨ ᠤ ᠬᠤᠩᠭᠢᠯ ᠳᠤ ᠥᠪᠡᠷᠲᠡᠭᠡᠨ ᠵᠠᠰᠠᠬᠤ ᠣᠷᠣᠨ ᠤ ᠠᠯᠳᠠᠷᠲᠤ ᠤᠷᠠᠨ ᠪᠢᠴᠢᠯᠭᠡᠲᠡᠨ ᠢ | ᠤᠷᠢᠵᠤ ᠮᠣᠩᠭᠤᠯ ᠬᠢᠲᠠᠳ ᠦᠰᠦᠭ ᠢᠶᠠᠷ ᠤᠯᠠᠭᠠᠨᠬᠦᠦ ᠨᠥᠬᠦᠷ ᠤᠨ ᠠᠳᠠᠯᠢ ᠪᠤᠰᠤ ᠴᠠᠭ ᠦᠶ᠎ᠡ ᠶᠢᠨ ᠶᠠᠷᠢᠶᠠᠨ ᠤ ᠴᠢᠬᠤᠯᠠ ᠠᠭᠤᠯᠭ᠎ᠠ ᠶᠢ ᠬᠠᠭᠤᠯᠵᠤ | ᠲᠠᠯᠪᠢᠵᠠᠢ᠃ ᠳᠤᠷᠠᠰᠬᠠᠯ ᠤᠨ ᠣᠷᠳᠣᠨ ᠳᠤ ᠪᠠᠰᠠ ᠡᠯ᠎ᠡ ᠵᠦᠢᠯ ᠤᠨ ᠳᠤᠷᠠᠰᠬᠠᠬᠤ ᠠᠵᠢᠯᠯᠠᠭ᠎ᠠ ᠡᠷᠬᠢᠯᠡᠬᠦ ᠪᠠᠷ ᠳᠠᠮᠵᠢᠭᠤᠯᠵᠤ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠶᠠᠫᠣᠨ ᠢ ᠡᠰᠡᠷᠭᠦᠴᠡᠬᠦ ᠳᠠᠶᠢᠨ ᠤ ᠳᠤᠮᠳᠠ ᠢᠯᠡᠷᠡᠭᠦᠯᠦᠭᠰᠡᠨ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠶᠠᠫᠣᠨ ᠢ ᠡᠰᠡᠷᠭᠦᠴᠡᠬᠦ ᠳᠠᠶᠢᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠵᠠᠢ᠃︾ ᠬᠡᠵᠣ ᠳᠤᠷᠠᠰᠬᠠᠯ ᠤᠨ ᠣᠷᠳᠣᠨ ᠤ | ᠲᠠᠶᠢᠯᠪᠤᠷᠢᠯᠠᠭᠴᠢ ᠱᠢ ᠵᠢᠩ ᠰᠤᠷᠪᠤᠯᠵᠢᠯᠠᠭᠴᠢ ᠳᠤ ᠬᠡᠯᠡᠪᠡ᠃ | ︵ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠱᠠ ᠱᠠ︶ | | http://mongol.people.com.cn/15825339.html |