ᠬᠦᠬᠡᠬᠤᠲᠠ ᠶᠢᠨ ᠰᠦᠢ ᠶᠤᠸᠠᠨ ᠮᠤᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ  ᠬᠤᠷᠠᠯ ᠤᠨ ᠬᠠᠭᠤᠴᠢᠨ ᠪᠠᠭᠤᠷᠢ ᠶᠢᠨ ᠳᠤᠷᠠᠰᠬᠠᠯ ᠤᠨ ᠤᠷᠳᠤᠨ
ᠨᠡᠶᠢᠲᠡᠯᠡᠭᠰᠡᠨ ᠴᠠᠭ᠄
2020/9/27
     ᠦᠪᠡᠷᠲᠡᠭᠡᠨ ᠵᠠᠰᠠᠬᠤ ᠤᠷᠤᠨ ᠤ ᠲᠡᠰ ᠤᠨ ᠡᠬᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠪᠣᠯᠬᠤ ᠰᠦᠢ ᠶᠤᠸᠠᠨ ᠮᠤᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ ᠬᠠᠭᠤᠴᠢᠨ ᠪᠠᠭᠤᠷᠢ ᠶᠢᠨ ᠳᠤᠷᠠᠰᠬᠠᠯ ᠤᠨ ᠤᠷᠳᠤᠨ ᠨᠢ ᠳᠠᠷᠤᠢ ᠢᠥᠢ ᠴᠢᠤᠸᠠᠨ ᠲᠤᠭᠤᠷᠢᠭ ᠤᠨ ᠼᠠᠢ ᠱᠧᠨ ᠮᠢᠶᠤᠤ ᠨᠢ ᠶᠡᠭᠡ ᠵᠤᠤ ᠡᠮᠦᠨ᠎ᠡ ᠵᠡᠭᠡᠯᠢ ᠶᠢᠨ ᠵᠡᠭᠦᠨ ᠲᠠᠯ᠎ᠠ ᠳᠤ ᠪᠠᠶᠢᠷᠢᠯᠠᠵᠤ ᠪᠠᠶᠢᠳᠠᠭ᠃ ᠲᠡᠷᠡ ᠨᠢ ᠪᠤᠮᠪᠤ ᠶᠢᠨ ᠱᠠᠰᠢᠨ ᠤ ᠰᠦᠮ᠎ᠡ ᠬᠡᠶᠢᠳ ᠤᠨ ᠡᠷᠲᠡᠨ ᠤ ᠪᠠᠷᠢᠯᠭ᠎ᠠ  ᠪᠣᠯᠬᠤ ᠪᠠᠷ ᠪᠠᠷᠠᠬᠤ ᠦᠭᠡᠢ᠂ ᠮᠦᠨᠴᠦ ᠣᠶᠢᠷ᠎ᠠ ᠤᠳᠤ ᠦᠶ᠎ᠡ ᠶᠢᠨ ᠴᠢᠬᠤᠯᠠ ᠬᠤᠪᠢᠰᠬᠠᠯ ᠤᠨ ᠲᠡᠦᠭᠡᠨ ᠪᠠᠭᠤᠷᠢ ᠦᠯᠡᠳᠡᠭᠳᠡᠯ ᠪᠣᠯᠬᠤ ᠶᠤᠮ᠃ ᠤᠷᠳᠤ ᠤᠳᠠᠭᠠᠨ ᠣᠨ ᠵᠢᠯ ᠢ  ᠡᠯᠡᠭᠡᠭᠰᠡᠨ ᠡᠨᠡᠬᠦ ᠡᠷᠲᠡᠨ ᠤ ᠪᠠᠷᠢᠯᠭ᠎ᠠ ᠦᠪᠦᠷ ᠮᠤᠩᠭᠤᠯ ᠤᠨ ᠦᠨᠳᠦᠰᠦᠳᠡᠨ ᠤ ᠴᠢᠯᠦᠭᠡᠯᠡᠯᠲᠡ ᠶᠢᠨ ᠲᠡᠮᠡᠴᠡᠯ ᠤᠨ ᠲᠡᠥᠭᠡ ᠶᠢ ᠬᠠᠳᠠᠭᠠᠯᠠᠵᠤ ᠪᠠᠶᠢᠳᠠᠭ ᠢᠶᠠᠷ ᠢᠶᠠᠨ ᠨᠡᠩ  ᠭᠦᠨ ᠬᠦᠨᠵᠡᠭᠡᠢ  ᠤᠳᠬ᠎ᠠ ᠠᠭᠤᠯᠭ᠎ᠠ ᠲᠠᠢ ᠪᠣᠯᠵᠠᠢ  ᠃
         ᠦᠵᠡᠭᠦᠯᠦᠯᠭᠡ ᠶᠢᠨ ᠤᠷᠳᠤᠨ ᠲᠤᠳᠤᠷᠠᠬᠢ ᠬᠤᠪᠢᠰᠬᠠᠯ ᠤᠨ ᠦᠨᠡᠲᠦ ᠭᠡᠷᠡᠯ ᠵᠢᠷᠤᠭ ᠤᠳ ᠪᠠ ᠬᠠᠭᠤᠴᠢᠨ ᠡᠳ᠋ ᠪᠤᠳᠠᠰ ᠤᠳ ᠨᠢ ᠲᠤᠬᠠᠢ ᠶᠢᠨ ᠵᠢᠯ ᠤᠨ ᠡᠪ ᠬᠠᠮᠳᠤ ᠨᠠᠮᠳᠠᠳ ᠤᠨ ᠬᠠᠳᠠᠨ ᠪᠠᠲᠤ ᠰᠦᠰᠦ ᠵᠣᠷᠢᠭ ᠪᠠ ᠬᠦᠰᠡᠯᠡᠩ ᠢᠲᠡᠭᠡᠯ ᠪᠢᠰᠢᠷᠡᠯ ᠤᠨ ᠢᠶᠠᠨ ᠲᠦᠯᠦᠭᠡ ᠴᠤᠴᠠᠰᠢ ᠦᠭᠡᠢ ᠲᠡᠮᠡᠴᠡᠭᠰᠡᠨ ᠦᠯᠢᠭᠡᠷ ᠦᠢᠯᠡ ᠶᠠᠪᠤᠳᠠᠯ ᠢ ᠲᠠᠬᠢᠨᠳᠠ ᠬᠠᠷᠠᠭᠤᠯᠵᠤ ᠪᠠᠶᠢᠳᠠᠭ᠃
     ᠰᠦᠢ ᠶᠤᠸᠠᠨ ᠮᠤᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ ᠲᠡᠦᠭᠡ ᠶᠢᠨ ᠲᠤᠬᠠᠢ ᠬᠦᠦᠷᠨᠢᠬᠦ ᠳᠤ᠂1939 ᠣᠨ ᠳᠤ ᠰᠦᠢ ᠶᠤᠸᠠᠨ ᠤᠷᠤᠨ ᠤ ᠨᠢᠭᠤᠴᠠ ᠨᠠᠮᠳᠠᠨ ᠯᠢᠦ ᠬᠤᠩ ᠰᠢᠶᠦ᠋ᠩ᠂ ᠬᠤᠤ ᠳ᠋ᠧᠩ ᠬᠤᠩ ᠵᠡᠷᠭᠡ ᠨᠦᠭᠦᠳ  ᠭᠦᠢ ᠰᠦᠢ ︵ᠤᠤᠯ ᠤᠨ ᠭᠦᠢ ᠬᠤᠸᠠ ᠬᠤᠳᠠ ︶ ᠳᠤ ᠤᠷᠤᠵᠤ ᠶᠠᠫᠤᠨ ᠢ ᠡᠰᠡᠷᠭᠦᠴᠡᠵᠦ ᠮᠦᠬᠦᠯ ᠠᠴᠠ ᠠᠪᠤᠷᠠᠬᠤ ᠬᠦᠳᠡᠯᠭᠡᠭᠡᠨ ᠦᠷᠨᠢᠭᠦᠯᠵᠡᠢ᠃ ᠲᠡᠳᠡ ᠼᠠᠢ ᠱᠧᠨ ᠮᠢᠶᠤᠤ  ᠶᠢᠨ ᠮᠤᠩᠭᠤᠯ ᠬᠢᠵᠠᠭᠠᠷ ᠤᠨ ᠪᠣᠮᠪᠤ ᠶᠢᠨ ᠱᠠᠰᠢᠨ ᠤ ᠡᠪᠯᠡᠯ ᠢᠶᠠᠷ ᠬᠠᠯᠬᠠᠪᠴᠢ ᠪᠣᠯᠭᠠᠵᠤ ᠬᠤᠪᠢᠰᠬᠠᠯᠳᠤ ᠲᠡᠮᠡᠴᠡᠯ ᠶᠠᠪᠤᠭᠤᠯᠤᠨ ᠰᠦᠢ ᠶᠤᠸᠠᠨ ᠮᠤᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠢ ᠪᠠᠶᠢᠭᠤᠯᠵᠠᠢ᠃ ᠤᠯᠤᠰ ᠢᠶᠠᠨ ᠠᠪᠤᠷᠠᠬᠤ ᠬᠤᠷᠠᠯ ᠤᠨ ᠶᠡᠷᠦᠩᠬᠡᠢ ᠲᠥᠪ ᠢ ᠼᠠᠢ ᠱᠧᠨ ᠮᠢᠶᠤᠤ ᠳᠤ  ᠭᠠᠷᠭᠠᠵᠤ᠂ ᠨᠡᠷ᠎ᠡ ᠲᠡᠭᠡᠷ᠎ᠡ ᠪᠠᠨ ᠪᠣᠮᠪᠤ ᠶᠢᠨ ᠱᠠᠰᠢᠨᠳᠠᠨ ᠡᠯᠰᠡᠵᠦ ᠪᠠᠶᠢᠭᠰᠠᠨ ᠴᠤ ᠦᠨᠡᠨᠳᠡᠭᠡᠨ ᠨᠢᠭᠤᠴᠠ ᠪᠠᠷ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ  ᠳᠠᠭᠠᠨ ᠭᠡᠰᠢᠭᠦᠨ ᠡᠯᠰᠡᠵᠦ ᠪᠠᠶᠢᠪᠠ᠃ ᠶᠠᠫᠤᠨ ᠢ ᠡᠰᠡᠷᠭᠦᠴᠡᠵᠦ ᠤᠯᠤᠰ ᠠᠴᠠ ᠠᠪᠤᠷᠠᠬᠤ ᠬᠤᠷᠠᠯ ᠨᠢ ᠵᠦᠭ ᠪᠣᠯᠭᠠᠨ ᠳᠤ ᠠᠵᠢᠯᠯᠠᠭ᠎ᠠ ᠶᠠᠪᠤᠭᠤᠯᠵᠤ᠂ ᠨᠢᠭᠤᠴᠠ ᠪᠠᠷ ᠬᠤᠯᠪᠤᠭᠠᠯᠠᠨ᠂ ᠡᠯ᠎ᠡ ᠠᠵᠢᠯ ᠲᠦᠷᠦᠯ ᠤᠨ ᠳᠠᠪᠰᠢᠩᠭᠤᠢ ᠬᠦᠮᠦᠰ ᠤᠨ ᠲᠤᠳᠤᠷ᠎ᠠ ᠶᠠᠫᠤᠨ ᠢ ᠡᠰᠡᠷᠭᠦᠴᠡᠵᠦ ᠮᠦᠬᠦᠯ ᠠᠴᠠ ᠠᠪᠤᠷᠠᠬᠤ ᠦᠵᠡᠯ ᠰᠠᠨᠠᠭ᠎ᠠ ᠶᠢ ᠤᠬᠠᠭᠤᠯᠵᠤ ᠪᠠᠶᠢᠪᠠ᠃ ᠲᠡᠳᠡ ᠠᠷᠠᠳ ᠤᠨ ᠰᠡᠳᠬᠢᠯ ᠢ ᠣᠯᠵᠤ ᠤᠳᠠᠯ ᠦᠭᠡᠢ ᠬᠦᠭᠵᠢᠨ ᠪᠤᠵᠠᠭᠠᠶᠢᠷᠠᠵᠤ ᠢᠷᠡᠵᠡᠢ᠃ ᠵᠦᠪᠬᠡᠨ 1939 ᠣᠨ ᠠᠴᠠ1940 ᠣᠨ ᠪᠣᠯᠳᠠᠯᠠᠬᠢ ᠬᠤᠭᠤᠴᠠᠭᠠᠨ ᠳᠤ ᠪᠠᠭᠰᠢ᠂ ᠰᠤᠷᠤᠭᠴᠢ᠂ ᠲᠡᠮᠦᠷ ᠵᠠᠮ ᠤᠨ ᠬᠢᠨ ᠵᠡᠷᠭᠡ ᠤᠯᠠᠨ ᠬᠦᠮᠦᠰ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠳᠤ ᠤᠷᠤᠯᠴᠠᠨ᠂ ᠭᠦᠢ ᠰᠦᠢ ᠬᠤᠳᠠ ᠴᠢᠨᠠᠭᠰᠢᠯᠠᠪᠠᠯ ᠰᠦᠢ ᠶᠤᠸᠠᠨ ᠮᠤᠵᠢ ᠶᠢᠨ  ᠴᠢᠬᠤᠯᠠ ᠨᠢᠭᠡᠨ ᠶᠠᠫᠤᠨ ᠢ ᠡᠰᠡᠷᠬᠦᠴᠡᠵᠦ ᠬᠦᠴᠦᠨ ᠪᠣᠯᠵᠤ ᠪᠦᠷᠢᠯᠳᠦᠭᠡᠳ ᠪᠠᠭ᠎ᠠ ᠪᠣᠰᠤ  ᠲᠠᠪᠰᠢᠩᠭᠤᠢ ᠵᠠᠯᠠᠭᠤᠴᠤᠳ ᠢ ᠬᠠᠪᠰᠤᠷᠤᠨ ᠶᠠᠨ ᠠᠨ ᠪᠠ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠲᠤ ᠶᠠᠪᠤᠭᠤᠯᠪᠠ᠃
         ᠲᠡᠦᠭᠡᠨ ᠳᠤᠷᠠᠰᠬᠠᠯᠳᠤ ᠪᠤᠳᠠᠰ ᠡᠷᠲᠡᠨ ᠤ ᠬᠠᠭᠤᠴᠢᠨ ᠪᠠᠭᠤᠷᠢ ᠦᠯᠡᠳᠡᠭᠳᠡᠯ ᠢ ᠬᠠᠮᠠᠭᠠᠯᠠᠵᠤ᠂ ᠬᠦᠬᠡᠬᠤᠲᠠ ᠶᠢᠨ ᠲᠡᠦᠭᠡ ᠰᠤᠶᠤᠯ ᠢ ᠤᠯᠠᠮᠵᠢᠯᠠᠨ ᠵᠠᠯᠭᠠᠮᠵᠢᠯᠠᠬᠤ ᠶᠢᠨ ᠲᠦᠯᠦᠭᠡ᠂2006 ᠣᠨ ᠠᠴᠠ ᠡᠬᠢᠯᠡᠵᠦ ᠼᠠᠢ ᠱᠧᠨ ᠮᠢᠶᠤᠤ ᠶᠢᠨ ᠶᠡᠭᠡ ᠲᠤᠭᠠᠩ᠂ ᠡᠭᠦᠳᠡ ᠵᠡᠷᠭᠡ ᠶᠢ ᠵᠠᠰᠠᠵᠤ ᠰᠢᠨᠡᠳᠬᠡᠭᠰᠡᠨ ᠤ ᠬᠠᠮᠳᠤ ᠶᠡᠭᠡ ᠲᠤᠭᠠᠩ ᠤᠨ ᠵᠡᠭᠦᠨ ᠪᠠᠷᠠᠭᠤᠨ ᠬᠡᠷᠡᠮ ᠢ ᠴᠢᠩ ᠤᠯᠤᠰ ᠤᠨ ᠦᠶ᠎ᠡ ᠶᠢᠨ ᠭᠤᠴᠤ ᠰᠠᠶᠢᠬᠠᠨ ᠬᠠᠨ᠎ᠠ ᠶᠢᠨ ᠵᠢᠷᠤᠭ ᠢᠶᠠᠷ ᠲᠦᠭᠦᠷᠭᠡᠵᠡᠢ᠃2007 ᠣᠨ ᠳᠤ ᠶᠡᠭᠡ ᠲᠤᠭᠠᠩ ᠤᠨ ᠤᠤᠯ ᠤᠨ ᠰᠤᠭᠤᠮᠠᠯ ᠢ ᠰᠡᠷᠭᠦᠭᠡᠵᠦ᠂ ᠮᠦᠨ ᠵᠢᠯ ᠤᠨ12 ᠰᠠᠷ᠎ᠠ ᠳᠤ  ᠠᠵᠢᠯ ᠢᠶᠠᠨ ᠪᠠᠷᠠᠭᠠᠭᠠᠳ ᠪᠦᠬᠦ ᠲᠠᠯ᠎ᠠ ᠪᠠᠷ ᠭᠠᠳᠠᠭᠰᠢ ᠨᠡᠭᠡᠭᠡᠭᠰᠡᠨ ᠪᠠᠶᠢᠨ᠎ᠠ᠃      2009 ᠣᠨ ᠳᠤ ᠠᠷᠤ ᠶᠢᠨ ᠠᠰᠠᠷ  ᠲᠤ ᠰᠦᠢ ᠶᠤᠸᠠᠨ ᠮᠤᠩᠭᠤᠯ ᠤᠨ  ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ ᠲᠡᠯᠭᠡᠨ ᠦᠵᠡᠭᠦᠯᠦᠯᠭᠡ ᠶᠢ ᠨᠡᠭᠡᠭᠡᠵᠦ᠂ ᠰᠦᠢ ᠶᠤᠸᠠᠨ ᠮᠣᠩᠭᠤᠯ ᠤᠨ ᠶᠠᠫᠤᠨ ᠢ ᠡᠰᠡᠷᠭᠦᠴᠡᠵᠦ ᠤᠯᠤᠰ ᠢᠶᠠᠨ ᠠᠪᠤᠷᠠᠬᠤ ᠬᠤᠷᠠᠯ ᠤᠨ ᠡᠭᠦᠰᠴᠦ ᠪᠦᠷᠢᠯᠳᠦᠭᠰᠡᠨ ᠪᠠ ᠲᠡᠮᠡᠴᠡᠯ ᠤᠨ ᠲᠡᠦᠭᠡ ᠶᠢ ᠬᠠᠷᠠᠭᠤᠯᠤᠭᠰᠠᠨ ᠪᠠᠶᠢᠨ᠎ᠠ᠃2006 ᠣᠨ ᠳᠤ ᠦᠪᠡᠷᠲᠡᠭᠡᠨ ᠵᠠᠰᠠᠬᠤ ᠤᠷᠤᠨ ᠤ ᠲᠡᠰ ᠤᠨ  ᠭᠤᠣᠯᠳᠠᠯᠭ᠎ᠠ ᠲᠠᠢ ᠲᠡᠦᠭᠡᠨ ᠲᠤᠷᠠᠰᠬᠠᠯᠳᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ ᠲᠣᠭᠲᠠᠭᠠᠪᠠ᠃         ᠢᠷᠡᠯᠲᠡ᠄ ᠬᠦᠬᠡᠬᠤᠲᠠ ᠶᠢᠨ ᠷᠠᠳᠢᠤ᠋ ᠲᠧᠯᠸᠢᠰ ᠬᠤᠷᠢᠶ᠎ᠠ                    ᠬᠦᠬᠡᠬᠤᠲᠠ ᠶᠢᠨ ᠡᠳᠦᠷ ᠤᠨ ᠰᠣᠨᠢᠨ ᠤ ᠠᠯᠪᠠᠨ ᠰᠦᠯᠵᠢᠶ᠎ᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ