ᠬᠤᠷᠢᠨᠭᠡᠷ ᠰᠢᠶᠠᠨ ᠬᠦᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠬᠤ ᠠᠰᠠᠭᠤᠳᠠᠯ ᠤᠨ ᠲᠤᠬᠠᠢ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/28
     9 ᠳ᠋ᠦ᠋ᠭᠡᠷ ᠰᠠᠷ᠎ᠠ ᠶᠢᠨ 22 ᠤᠨ ᠡᠳᠦᠷ᠂ ᠮᠠᠨ ᠤ ᠰᠢᠶᠠᠨ ᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠬᠤ ᠠᠰᠠᠭᠤᠳᠠᠯ ᠤᠨ ᠲᠤᠬᠠᠶ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠨᠠᠮ ᠵᠠᠰᠠᠭ ᠤᠨ ᠠᠯᠪᠠᠨ ᠠᠰᠠᠷ ᠤᠨ 401 ᠬᠤᠷᠠᠯ ᠤᠨ ᠭᠡᠷ ᠲᠤ ᠬᠤᠷᠠᠯᠳᠤᠵᠤ᠂ ᠰᠢᠶᠠᠨ ᠤ ᠳᠡᠳ᠋ ᠳᠠᠷᠤᠭ᠎ᠠ ᠾᠧ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ ᠪᠦᠬᠦ ᠰᠢᠶᠠᠨ ᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠷᠢᠬᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠪᠠᠶᠢᠷᠢᠯᠠᠭᠤᠯᠵᠤ᠂ ︽ᠬᠤᠷᠢᠨᠭᠡᠷ ᠰᠢᠶᠠᠨ ᠤ 2019 ᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠤᠰᠬᠠᠶ ᠰᠢᠮᠳᠠᠭᠤᠯᠣᠨ ᠪᠠᠶᠢᠴᠠᠭᠠᠯᠲᠠ ᠵᠢᠴᠢ 2016 — 2018 ᠣᠨ ᠤ ᠲᠣᠭᠲᠠᠮᠠᠯ ᠬᠤᠭᠤᠴᠠᠭᠠᠲᠤ ᠰᠢᠮᠳᠠᠭᠤᠯᠤᠨ ᠪᠠᠶᠢᠴᠠᠭᠠᠯᠲᠠ ᠳᠤ ᠪᠣᠳᠠᠲᠠᠶ ᠴᠡᠭᠴᠡᠯᠡᠨ ᠰᠠᠶᠢᠵᠢᠷᠠᠭᠤᠯᠤᠭᠠᠳᠣᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ︵ᠶᠠᠷᠢᠯᠴᠠᠬᠤ ᠨᠣᠤᠷᠠᠭ︶ ᠢ ᠤᠩᠰᠢᠨ ᠨᠡᠶᠢᠲᠡᠯᠡᠪᠡ᠃      ᠾᠧ ᠹᠧᠩ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠢᠮᠠᠭᠲᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠡᠭᠡᠳᠦ ᠬᠡᠮᠵᠢᠶᠡᠨ ᠳᠤ ᠵᠣᠭᠰᠣᠵᠤ᠂ ᠲᠠᠷᠢᠶᠠᠨ ᠭᠠᠵᠠᠷ ᠢ ᠬᠠᠮᠠᠭᠠᠯᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠷᠢᠬᠤ ᠠᠰᠠᠭᠤᠳᠠᠯ ᠤᠨ ᠪᠤᠳᠤᠯᠢᠶᠠᠨᠲᠤ ᠴᠢᠨᠠᠷ ᠪᠠ ᠴᠡᠭᠴᠡᠯᠡᠨ ᠵᠠᠰᠠᠬᠤ ᠠᠵᠢᠯ ᠤᠨ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠶ ᠲᠠᠨᠢᠵᠤ᠂ ᠪᠠᠶᠢᠳᠠᠯ ᠢ ᠣᠶᠢᠯᠠᠭᠠᠬᠤ ᠠᠵᠢᠯ ᠢ ᠢᠳᠡᠪᠬᠢᠲᠡᠶ ᠯᠠᠪᠳᠠᠭᠤᠨ ᠬᠦᠴᠦᠲᠡᠶ ᠪᠥᠭᠡᠳ ᠡᠮᠬᠢ ᠵᠢᠷᠤᠮ ᠲᠠᠢ ᠪᠦᠲᠦᠮᠵᠢᠲᠡᠶ ᠲᠦᠯᠬᠢᠨ ᠠᠬᠢᠭᠤᠯᠬᠤ ᠬᠡᠷᠡᠭᠲᠡᠢ︔ ᠠᠵᠢᠯ ᠤᠨ ᠭᠤᠣᠯᠳᠠᠯᠭ᠎ᠠ ᠶᠢ ᠡᠵᠡᠮᠰᠢᠵᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠦᠨᠡᠨᠬᠦ ᠴᠢᠩᠭᠠᠳᠬᠠᠵᠣ᠂ ᠲᠤᠰᠬᠠᠶ ᠵᠣᠬᠢᠴᠠᠭᠤᠯᠬᠤ ᠲᠣᠭᠲᠠᠴᠠ ᠪᠠ ᠲᠤᠰᠬᠠᠶ ᠬᠥᠮᠦᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠵᠢᠯᠣᠭᠤᠳᠣᠯᠭ᠎ᠠ ᠶᠢ ᠵᠣᠬᠢᠶᠠᠨ ᠪᠠᠶᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠤᠬᠠᠭᠤᠯᠭ᠎ᠠ ᠬᠢᠵᠦ ᠬᠥᠲᠥᠯᠦᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠤᠶᠢᠯᠠᠭᠠᠨ ᠵᠢᠭᠰᠠᠭᠠᠬᠤ ᠠᠵᠢᠯ ᠤᠨ ᠣᠨᠣᠪᠴᠢᠲᠠᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠪᠠᠶᠢᠳᠠᠯ ᠢ ᠣᠶᠢᠯᠭᠠᠨ ᠲᠣᠬᠢᠷᠠᠭᠤᠯᠬᠤ ᠲᠠᠢ ᠤᠶᠠᠯᠳᠤᠭᠤᠯᠤᠨ᠂ ᠪᠦᠷᠢᠨ ᠪᠦᠲᠦᠨ ᠵᠢᠷᠤᠮᠵᠢᠭᠰᠠᠨ ᠡᠬᠡ ᠳᠠᠩᠰᠠ ᠶᠢ ᠪᠠᠶᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠵᠦᠶ ᠵᠣᠬᠢᠰᠲᠠᠶ ᠭᠠᠵᠠᠷ ᠬᠡᠷᠡᠭᠯᠡᠬᠦ ᠬᠡᠷᠡᠭᠴᠡᠭᠡ ᠶᠢ ᠪᠥᠬᠦ ᠬᠦᠴᠦᠨ ᠢᠶᠠᠷ ᠪᠠᠲᠤᠯᠠᠵᠤ᠂ ᠬᠠᠤᠯᠢ ᠠᠴᠠ ᠵᠥᠷᠢᠴᠡᠭᠰᠡᠨ ᠠᠰᠠᠭᠤᠳᠠᠯ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠬᠤ ᠬᠡᠷᠡᠭᠲᠡᠢ ᠭᠡᠪᠡ᠃      ᠾᠧ ᠹᠧᠩ ᠴᠢᠬᠤᠯᠠᠴᠢᠯᠠᠭᠰᠠᠨ ᠨᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠨ ᠣᠯᠠᠨ ᠲᠦᠮᠡᠨ ᠳᠤ ᠤᠬᠠᠭᠤᠯᠭ᠎ᠠ ᠬᠥᠮᠦᠵᠢᠯ ᠬᠢᠬᠦ ᠡᠷᠴᠢᠮ ᠢᠶᠠᠨ ᠨᠡᠮᠡᠭᠳᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠦᠵᠡᠯ ᠤᠬᠠᠮᠰᠠᠷ ᠢᠶᠠᠨ ᠨᠡᠮᠡᠭᠳᠡᠭᠦᠯᠬᠦ ᠬᠡᠷᠡᠭᠲᠡᠶ᠃ ᠡᠯ᠎ᠡ ᠰᠢᠶᠠᠩ ᠪᠠᠯᠭᠠᠰᠤ ᠵᠢᠴᠢ ᠬᠠᠮᠢᠶ᠎ᠠ ᠪᠦᠬᠦᠢ ᠨᠢᠭᠡᠴᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠵᠤ᠂ ᠰᠢᠮᠳᠠᠭᠤᠯᠤᠨ ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠂ ᠠᠵᠢᠯ ᠤᠨ ᠨᠠᠶᠢᠳᠠᠪᠣᠷᠢᠵᠢᠭᠤᠯᠲᠠ ᠶᠢ ᠠᠬᠢᠭᠤᠯᠬᠤ ᠬᠡᠷᠡᠭᠲᠡᠢ ᠭᠡᠪᠡ᠃      ᠡᠯ᠎ᠡ ᠬᠠᠮᠢᠶ᠎ᠠ ᠪᠦᠬᠦᠢ ᠨᠢᠭᠡᠴᠡ ᠵᠢᠴᠢ ᠡᠯ᠎ᠡ ᠰᠢᠶᠠᠩ ᠪᠠᠯᠭᠠᠰᠤ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号