ᠰᠢᠨ᠎ᠡ ᠬᠤᠲᠠ ᠲᠣᠭᠤᠷᠢᠭ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ︾ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2020/9/28
      ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠨᠠᠩ ᠰᠠᠶᠢᠨ ᠣᠶᠢᠯᠭᠠᠨ ᠡᠵᠡᠮᠰᠢᠵᠦ᠂ ᠬᠥᠮᠦᠨ ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ 9 ᠳ᠋ᠦ᠋ᠭᠡᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ ᠰᠢᠨ᠎ᠡ ᠬᠤᠲᠠ ᠲᠣᠭᠤᠷᠢᠭ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ︾ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠡᠷᠭᠢᠯᠡᠪᠡ᠃
     ᠲᠠᠶᠢᠯᠤᠮᠵᠢ ᠳᠤᠮᠳᠠ᠂ ᠬᠥᠬᠡᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠦ᠋ ᠹᠦ᠋ ᠪᠢᠨ ᠫᠷᠤᠹᠧᠰᠰᠤᠷ ᠰᠢᠨ᠎ᠡ ᠴᠠᠭ ᠦᠶ᠎ᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠤ ᠲᠤᠭᠤᠷᠢᠨ ᠳᠤ ᠠᠬᠤᠢ ᠪᠠᠶᠢᠳᠠᠯ᠂ ᠬᠤᠳᠠᠯᠳᠤᠭ᠎ᠠ ᠡᠵᠡᠩᠨᠡᠬᠦ ᠤᠷᠴᠢᠨ ᠲᠣᠭᠤᠷᠢᠨ ᠢ ᠦᠨᠡᠯᠡᠬᠦ ᠦᠨᠳᠦᠰᠦᠨ ᠯᠣᠭᠢᠭ᠂ ᠮᠠᠨ ᠤ ᠤᠯᠤᠰ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠠ ᠪᠣᠯᠤᠨ ᠦᠷ᠎ᠡ ᠪᠦᠲᠦᠮᠵᠢ ᠵᠡᠷᠭᠡ ᠲᠠᠯ᠎ᠠ ᠪᠠᠷ ᠳᠤᠷᠠᠳᠴᠣ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠣᠳᠣᠬᠢ ᠪᠠᠶᠢᠳᠠᠯ ᠵᠢᠴᠢ ᠬᠤᠶᠢᠰᠢᠳᠠ ᠶᠢᠨ ᠪᠦᠳᠦᠭᠡᠨ ᠪᠠᠶᠢᠭᠤᠯᠵᠤ ᠬᠥᠭᠵᠢᠭᠦᠯᠬᠦ ᠬᠠᠷᠠᠯᠲᠠ ᠳᠤ ᠭᠦᠨᠵᠡᠭᠡᠢ ᠲᠠᠶᠢᠯᠪᠤᠷᠢᠯᠠᠯᠲᠠ ᠬᠢᠵᠦ᠂ ᠤᠨᠢᠨ ᠳᠡᠭᠡᠷ᠎ᠡ ᠨᠢ ᠵᠠᠳᠠᠯᠤᠯᠲᠠ ᠬᠢᠪᠡ᠃
     ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠢᠯᠡᠷᠬᠡᠶᠢᠯᠡᠭᠰᠡᠨ ᠨᠢ᠂ ᠲᠣᠰ ᠤᠳᠠᠭᠠᠨ ᠤ ᠲᠠᠶᠢᠯᠤᠮᠵᠢ ᠶᠢᠨ ᠭᠤᠤᠯ ᠰᠡᠳᠦᠪ ᠨᠢ ᠲᠣᠳᠣᠷᠬᠠᠶ᠂ ᠠᠭᠤᠯᠭ᠎ᠠ ᠨᠢ ᠪᠠᠶᠠᠯᠢᠭ᠂ ᠦᠵᠡᠯᠲᠡ ᠨᠢ ᠢᠯᠡ ᠲᠣᠳᠣ᠂ ᠬᠠᠷᠠᠭ᠎ᠠ ᠨᠢ ᠥᠷᠭᠡᠨ ᠪᠠᠶᠢᠵᠤ᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ  ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠳᠤ ᠮᠠᠰᠢ ᠴᠢᠩᠭ᠎ᠠ ᠬᠠᠨᠳᠤᠯᠭᠠᠲᠤ ᠴᠢᠨᠠᠷ ᠂ ᠪᠠᠷᠠᠭᠠᠯᠬᠢᠯᠠᠯ ᠤᠨ ᠴᠢᠨᠠᠷ ᠪᠠ ᠵᠢᠯᠣᠭᠤᠳᠬᠤ ᠴᠢᠨᠠᠷ ᠲᠠᠢ ᠶᠤᠮ᠃ ᠲᠤᠰ ᠤᠳᠠᠭᠠᠨ ᠤ ᠲᠠᠶᠢᠯᠤᠮᠵᠢ ᠶᠢᠨ ᠠᠭᠤᠯᠭ᠎ᠠ ᠶᠢ ᠬᠢᠨᠠᠮᠠᠭᠠᠶ ᠰᠤᠷᠤᠯᠴᠠᠵᠤ᠂ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠰᠠᠭᠤᠳᠠᠯ ᠤᠨ ᠰᠤᠳᠤᠯᠭᠠᠨ ᠪᠠ ᠪᠣᠳᠣᠯᠬᠢᠯᠠᠯ ᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠥᠭᠡᠷᠡᠴᠢᠯᠡᠯᠲᠡ ᠶᠢᠨ ᠰᠡᠳᠬᠢᠴᠡ ᠶᠢ ᠲᠦᠯᠦᠪᠵᠢᠭᠦᠯᠬᠦ ᠳᠤ ᠰᠠᠨᠠᠭᠠᠴᠢᠯᠠᠭ᠎ᠠ ᠠᠴᠠ ᠪᠠᠨ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号