ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠱᠠ ᠱᠠ︶ 9 ᠰᠠᠷ᠎ᠠ ᠶᠢᠨ 25 ᠤ | ᠡᠳᠦᠷ᠂ ᠪᠥᠬᠦ ᠬᠤᠲᠠ ᠶᠢᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ︾ | ᠠᠬᠤᠢ ᠲᠠᠯᠠᠪᠠᠢ ᠶᠢᠨ ᠪᠣᠯᠪᠠᠰᠤᠷᠠᠭᠤᠯᠤᠯ ᠤᠨ ᠬᠤᠷᠠᠯ ᠵᠢᠴᠢ ᠰᠢᠯᠢᠳᠡᠭ ︽ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠬᠡᠷ︾᠂ ᠰᠢᠯᠢᠳᠡᠭ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢ᠂ ᠰᠢᠯᠢᠳᠡᠭ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨᠲ᠋ᠡᠷᠢᠭᠦᠯᠡᠭᠴᠢ ︵ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠬᠤᠷᠢᠶ᠎ᠠ ᠶᠢᠨ ᠡᠷᠬᠢᠯᠡᠭᠴᠢ︶ ᠪᠣᠯᠤᠨ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠰᠢᠯᠢᠳᠡᠭ ᠠᠵᠢᠯᠲᠠᠨ ᠢ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠪᠠ᠃ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ | ᠶᠦᠨ ᠵᠢᠶᠠᠨ ᠳ᠋ᠦᠩ᠂ ᠳᠡᠳ᠋ ᠡᠷᠬᠢᠯᠡᠭᠴᠢ ᠯᠠᠨ ᠹᠧᠩ᠂ ᠭᠦᠸᠧ ᡁᠢ ᠭᠠᠩ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ | ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠵᠠᠩ ᠬᠤᠩ ᠰᠢᠶᠠ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠵᠠᠩ ᠰᠢᠶᠣᠤ | ᠹᠠᠨ ᠬᠤᠷᠠᠯ ᠳᠤ ᠣᠷᠣᠯᠴᠠᠪᠠ᠃ | ᠶᠦᠨ ᠵᠢᠶᠠᠨ ᠳ᠋ᠦᠩ ᠰᠢᠨ᠎ᠡ ᠪᠠᠶᠢᠳᠠᠯ ᠤᠨ ᠳᠣᠤᠷᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠴᠢᠬᠤᠯᠠᠴᠢᠯᠠᠭᠰᠠᠨ ᠨᠢ᠄ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ | ᠦᠨᠡᠨ ᠬᠦ ᠴᠢᠩᠭᠠᠳᠬᠠᠬᠤ ᠬᠡᠷᠡᠭᠲᠡᠶ︔ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠦᠨᠳᠦᠰᠦᠨ ᠬᠠᠤᠯᠢ | ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠷᠬᠡ ᠲᠤᠰᠢᠶᠠᠯ ᠢ ᠯᠠᠪᠳᠠᠭᠤᠨ ᠪᠠᠲᠤᠲᠠᠢ ᠭᠦᠢᠴᠡᠳᠬᠡᠬᠦ | ᠬᠡᠷᠡᠭᠲᠡᠢ︔ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ | ᠪᠠᠲᠤᠯᠠᠵᠤ᠂ ᠲᠦᠯᠦᠭᠡᠯᠡᠭᠴᠢᠳ ᠤᠨ ᠦᠢᠯᠡᠳᠤᠯ ᠢ ᠭᠦᠶ᠋ᠴᠡᠳ ᠪᠠᠳᠠᠷᠠᠭᠤᠯᠬᠤ ᠬᠡᠷᠡᠭᠲᠡᠶ︔ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠰᠢᠨ᠎ᠡ ᠶᠢ ᠡᠭᠦᠳᠴᠦ᠂ ︽ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ︾ ᠤᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ ᠭᠡᠪᠡ ᠃ ᠲᠡᠷᠡ | ᠱᠠᠭᠠᠷᠳᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠥᠯᠥᠭᠡᠯᠡᠭᠴᠢ ᠶᠢᠨ | ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠯᠥᠭᠡᠯᠡᠭᠴᠢ ᠶᠢᠨ ᠲᠤᠰᠢᠶᠠᠯ ᠳᠤ ᠵᠥᠪ ᠢᠶᠠᠷ | ᠬᠠᠨᠳᠤᠬᠤ ᠬᠡᠷᠡᠭᠲᠡᠶ︔ ᠡᠭᠦᠷᠭᠡ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ | ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ︔ ᠤᠯᠠᠨ ᠲᠦᠮᠡᠨᠴᠢ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠤᠯᠠᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ ᠭᠡᠵᠡᠢ ᠃ | ᠬᠤᠷᠠᠯ ᠳᠡᠭᠡᠷ᠎ᠡ ︽ᠪᠥᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠯᠢᠳᠡᠭ | ᠲᠥᠯᠥᠭᠡᠯᠡᠭᠴᠢ ᠶᠢᠨ ᠬᠡᠷ︾᠂ ᠰᠢᠯᠢᠳᠡᠭ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠰᠢᠯᠢᠳᠡᠭ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢ ︵ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠬᠤᠷᠢᠶ᠎ᠠ ᠶᠢᠨ ᠡᠷᠬᠢᠯᠡᠭᠴᠢ︶ ᠪᠣᠯᠤᠨ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠰᠢᠯᠢᠳᠡᠭ ᠠᠵᠢᠯᠲᠠᠨ ᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠪᠡ᠃ ᠪᠠᠰᠠ | ᠱᠠᠩᠨᠠᠯ ᠣᠯᠤᠭᠰᠠᠨ ᠨᠢᠭᠡᠴᠡ ᠪᠠ ᠬᠥᠮᠦᠰ ᠲᠤ ᠦᠨᠡᠮᠯᠡᠯ ᠪᠠ ᠱᠠᠩᠨᠠᠯ ᠤᠨ ᠮᠧᠳᠠᠯ ᠤᠯᠭᠤᠪᠠ᠃ ᠱᠠᠩᠨᠠᠯ | ᠣᠯᠤᠭᠰᠠᠨ ᠬᠡᠰᠡᠭ ᠲᠥᠯᠥᠭᠡᠯᠡᠭᠴᠢᠳ ᠶᠠᠷᠢᠶ᠎ᠠ ᠲᠠᠯᠪᠢᠪᠠ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠨᠢᠭᠡ ᠡᠳᠦᠷ ᠬᠠᠭᠠᠰ ᠤᠨ ᠴᠠᠭ ᠢ ᠠᠰᠢᠭᠯᠠ | ᠬᠦᠬᠡᠬᠤᠲᠡ ᠶᠢᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠤᠨ | ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠪᠠ ᠳᠡᠰ ᠳᠡᠪᠰᠢᠭᠰᠡᠨ ᠦᠷ᠎ᠡ ᠪᠦᠲᠦᠭᠡᠯ ᠢ ᠲᠣᠭᠤᠷᠢᠨ | ᠦᠵᠡᠵᠡᠢ᠃ | http://mongol.people.com.cn/15825513.html |