ᠬᠤᠸᠠᠩ ᠰᠢᠶᠥᠥ ᠸᠧᠢ ᠬᠥᠬᠡᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠭᠠᠵᠠᠷ ᠣᠷᠣᠨ ᠤ ᠡᠮᠡᠭᠲᠡᠶᠢᠴᠦᠳ ᠤᠨ ᠠᠵᠢᠯ ᠤᠨ ᠰᠢᠨᠡᠴᠢᠯᠡᠯᠲᠡ ᠬᠥᠭᠵᠢᠯᠲᠡ ᠶᠢᠨ ᠵᠠᠮ ᠢ ᠢᠳᠡᠪᠬᠢᠲᠡᠢ ᠡᠷᠢᠯᠬᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2020/9/28
ᠾᠧ ᠶᠠᠨ ᠯᠢᠩ  ᠵᠧᠩ ᠬᠤᠩ ᠹᠠᠨ ᠲᠤᠰ ᠲᠤᠰ ᠪᠠᠶᠢᠴᠠᠭᠠᠨ ᠰᠤᠳᠤᠯᠤᠯᠲᠠ ᠳᠤ ᠪᠠᠷ᠎ᠠ ᠪᠣᠯᠪᠠ       ︵ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠾᠥᠸᠧ ᠰᠢᠶᠥᠥ ᠴᠢᠩ  ᠰᠤᠷᠪᠤᠯᠵᠢᠯᠠᠭᠴᠢ ᠯᠢᠶᠠᠩ ᠵᠢᠩ ᠱᠤ᠋︶ 9 ᠳ᠋ᠦ᠋ᠭᠡᠷ ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ᠂ ᠱᠦᠵᠢ ᠶᠢᠨ ᠭᠠᠵᠠᠷ ᠤᠨ ᠨᠢᠭᠡᠳᠦᠭᠡᠷ ᠱᠦᠵᠢ ᠬᠤᠸᠠᠩ ᠰᠢᠶᠥᠥ ᠸᠧᠢ ᠨᠠᠷ ᠬᠥᠬᠡᠬᠤᠲᠠ ᠳᠤ ᠢᠷᠡᠵᠦ ᠡᠮᠡᠭᠲᠡᠶᠢᠴᠦᠳ ᠪᠠ ᠬᠡᠦᠬᠡᠳ ᠤᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ ᠳᠠᠭᠠᠨ᠂ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠤᠨ ᠨᠡᠶᠢᠭᠡᠮ᠂ ᠭᠡᠷ ᠪᠦᠯᠢ ᠶᠢᠨ ᠠᠮᠢᠳᠤᠷᠠᠯ ᠳᠤᠮᠳᠠᠬᠢ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠵᠢᠭᠤᠯᠤᠨ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠭᠠᠵᠠᠷ ᠣᠷᠣᠨ ᠤ ᠡᠮᠡᠭᠲᠡᠶᠢᠴᠦᠳ ᠤᠨ ᠠᠵᠢᠯ ᠤᠨ ᠰᠢᠨᠡᠴᠢᠯᠡᠯᠲᠡ ᠬᠥᠭᠵᠢᠯᠲᠡ ᠶᠢᠨ ᠵᠠᠮ ᠢ ᠢᠳᠡᠪᠬᠢᠲᠡᠢ ᠡᠷᠢᠯᠬᠢᠯᠡᠨ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠰᠠᠶᠢᠨ ᠬᠠᠪᠰᠤᠷᠤᠭᠴᠢ ᠪᠣᠯᠬᠤ ᠬᠡᠷᠡᠭᠲᠡᠢ ᠭᠡᠪᠡ᠃      ᠬᠤᠸᠠᠩ ᠰᠢᠶᠥᠥ ᠸᠧᠢ ᠨᠠᠷ ᠪᠦᠰᠡᠭᠦᠢ ᠠᠵᠢᠯ ᠣᠯᠭᠤᠯᠲᠠ ᠶᠢ ᠳᠠᠶᠢᠴᠢᠯᠠᠬᠤ ᠰᠠᠭᠤᠷᠢᠨ ᠭᠠᠵᠠᠷ ᠬᠦᠷᠴᠦ᠂ ᠦᠨᠳᠦᠰᠦᠲᠡᠨ ᠤ ᠬᠤᠪᠴᠠᠰᠤ ᠵᠠᠰᠠᠯ ᠤᠨ ᠠᠵᠤ ᠦᠢᠯᠡᠰ ᠢᠶᠠᠷ ᠡᠮᠡᠭᠲᠡᠶᠢᠴᠦᠳ ᠤᠨ ᠦᠢᠯᠡᠰ ᠪᠣᠰᠬᠠᠬᠤ ᠠᠵᠢᠯ ᠣᠯᠬᠤ ᠶᠢ ᠳᠠᠶᠢᠴᠢᠯᠠᠵᠤ᠂ ᠶᠠᠳᠠᠭᠤ ᠠᠴᠠ ᠠᠩᠭᠢᠵᠢᠷᠠᠭᠤᠯᠤᠨ ᠣᠷᠣᠯᠭ᠎ᠠ ᠶᠢ ᠨᠡᠮᠡᠭᠳᠡᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠣᠩ ᠠᠷᠠᠳ ᠤᠨ ᠲᠣᠭᠤᠷᠢᠭ ᠤᠨ ᠰᠠᠨ ᠱᠦᠨ ᠳ᠋ᠢᠶᠠᠨ ᠨᠡᠶᠢᠭᠡᠮ ᠲᠣᠭᠤᠷᠢᠭ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ᠂ ᠬᠥᠬᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠶᠦᠩ ᠽᠧ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠯᠠᠪᠯᠠᠭ᠎ᠠ ᠶᠢᠨ ᠬᠢᠵᠠᠭᠠᠷᠲᠤ ᠺᠣᠮᠫᠠᠨᠢ ᠪᠣᠯᠣᠨ ᠰᠢᠨ᠎ᠡ ᠬᠤᠲᠠ ᠲᠣᠭᠤᠷᠢᠭ ᠤᠨ ᠪᠠᠶᠢᠴᠠᠭᠠᠬᠤ ᠬᠤᠷᠢᠶ᠎ᠠ ᠳᠤ ᠬᠦᠷᠴᠦ᠂ ᠨᠠᠮ ᠤᠨ ᠪᠠᠶᠢᠭᠤᠯᠤᠯᠲᠠ ᠠᠴᠠ ᠡᠮᠡᠭᠲᠡᠶᠢᠴᠦᠳ ᠤᠨ ᠪᠠᠶᠢᠭᠤᠯᠤᠯᠲᠠ ᠶᠢ ᠳᠠᠭᠠᠭᠤᠯᠤᠨ ᠡᠮᠡᠭᠲᠡᠶᠢᠴᠦᠳ ᠪᠠ ᠬᠡᠦᠬᠡᠳ ᠲᠤ ᠦᠢᠯᠡᠴᠢᠯᠡᠬᠦ᠂ ᠭᠡᠷ ᠪᠦᠯᠢ ᠶᠢᠨ ᠭᠡᠷ ᠤᠨ ᠰᠤᠷᠭᠠᠯ ᠰᠤᠷᠲᠠᠯ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤᠮᠳᠠ ᠪᠠᠳᠠᠷᠠᠭᠤᠯᠵᠤ ᠪᠤᠢ ᠦᠢᠯᠡᠳᠦᠯ ᠪᠠ 0 -3 ᠨᠠᠰᠤᠨ ᠤ ᠬᠡᠦᠬᠡᠳ ᠢ ᠨᠠᠶᠢᠳᠠᠨ ᠬᠥᠮᠥᠵᠢᠭᠦᠯᠬᠦ ᠦᠢᠯᠡᠴᠢᠯᠡᠭᠡ᠂ ︽ᠭᠤᠣᠯᠳᠠᠯᠭ᠎ᠠ ᠲᠠᠢ ᠵᠠᠯᠠᠭᠤ ᠪᠠᠭᠠᠴᠤᠳ ᠢ ᠬᠠᠪᠰᠤᠷᠤᠨ ᠲᠡᠳᠬᠦᠬᠦ︾ ᠲᠥᠷᠥᠯ ᠵᠦᠢᠯ ᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠡᠷᠭᠡ ᠶᠢ ᠣᠶᠢᠯᠠᠭᠠᠪᠠ᠃      ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠬᠤᠸᠠᠩ ᠰᠢᠶᠥᠥ ᠸᠧᠢ ᠥᠪᠥᠷ ᠮᠣᠩᠭᠤᠯ ᠤᠨ ᠡᠮᠡᠭᠲᠡᠶᠢᠴᠦᠳ ᠤᠨ ᠠᠷᠪᠠᠨ ᠬᠤᠶᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠬᠡᠰᠡᠭ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠵᠤ ᠶᠠᠷᠢᠯᠴᠠᠪᠠ᠃ ᠲᠡᠷᠡ ᠵᠢᠭᠠᠬᠤ ᠳᠠᠭᠠᠨ᠂ ᠣᠳᠣᠬᠠᠨ ᠪᠠ ᠢᠷᠡᠭᠡᠳᠦᠢ ᠶᠢᠨ ᠨᠢᠭᠡ ᠬᠡᠰᠡᠭ ᠬᠤᠭᠤᠴᠠᠭᠠᠨ ᠳᠤ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠲᠥᠯᠥᠭᠡᠯᠡᠭᠴᠢ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ  ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠬᠠᠮᠠᠭᠠᠯᠠᠬᠤ︾ ᠶᠢ ᠰᠡᠳᠬᠢᠯ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ︔ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ᠤᠯᠠᠮᠵᠢᠯᠠᠵᠤ᠂ ᠪᠦᠯᠬᠦᠮᠳᠡᠨ ᠲᠡᠮᠡᠴᠡᠬᠦ ᠡᠮᠡᠭᠳᠡᠢ ᠪᠠᠭᠠᠲᠤᠷᠴᠤᠳ ᠤᠨ ᠬᠦᠴᠦᠨ ᠢ ᠪᠠᠳᠠᠷᠠᠭᠠᠬᠤ ᠬᠡᠷᠡᠭᠲᠡᠢ︔ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠡᠮᠡᠭᠲᠡᠶᠢᠴᠦᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠳᠤ ᠡᠮᠡᠭᠲᠡᠶᠢᠴᠦᠳ ᠤᠨ ᠬᠦᠴᠦᠨ ᠴᠢᠳᠠᠯ ᠢ ᠵᠣᠷᠢᠭᠤᠯᠬᠤ ᠬᠡᠷᠡᠭᠲᠡᠢ︔ ︽ᠭᠡᠷ︾  ᠭᠡᠳᠡᠭ ᠳᠡᠭᠡᠷ᠎ᠡ ᠬᠦᠴᠦ ᠤᠷᠤᠭᠤᠯᠤᠨ᠂ ᠭᠡᠷ ᠪᠦᠯᠢ ᠶᠢᠨ ᠭᠡᠷ ᠤᠨ ᠰᠤᠷᠭᠠᠯ ᠰᠤᠷᠲᠠᠯ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤᠮᠳᠠᠬᠢ ᠴᠢᠬᠤᠯᠠ ᠦᠢᠯᠡᠳᠦᠯ ᠢ ᠪᠠᠳᠠᠷᠠᠭᠤᠯᠬᠤ ᠬᠡᠷᠡᠭᠲᠡᠢ︔ ᠡᠷᠬᠡ ᠠᠰᠢᠭ ᠢ ᠡᠬᠢ ᠠᠴᠠ ᠨᠢ ᠬᠠᠮᠠᠭᠠᠯᠠᠬᠤ ᠬᠦᠴᠦᠨ ᠢ ᠴᠢᠩᠭᠠᠳᠬᠠᠵᠤ᠂   ᠡᠷᠬᠡ ᠠᠰᠢᠭ ᠢ ᠪᠠᠶᠢᠩᠭᠤ ᠶᠢᠨ ᠴᠢᠨᠠᠷᠳᠠᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠮᠡᠭᠲᠡᠶᠢᠴᠦᠳ ᠪᠠ ᠬᠡᠦᠬᠡᠳ ᠤᠨ ᠲᠥᠯᠥᠭᠡ ᠨᠡᠩ ᠰᠠᠶᠢᠨ ᠴᠤᠤᠷᠢᠶᠠᠯᠠᠨ ᠤᠷᠢᠶᠠᠯᠠᠬᠤ ᠬᠡᠷᠡᠭᠲᠡᠢ︔ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ ᠭᠡᠪᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠾᠧ ᠶᠠᠨ ᠯᠢᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠶᠢᠨ ᠫᠢᠩ᠂ ᠬᠤᠲᠠ ᠶᠢᠨ ᠳᠡᠳ᠋ ᠳᠠᠷᠤᠭ᠎ᠠ ᠰᠢᠦᠢ ᠷᠦᠢ ᠰᠢᠶᠠ ᠲᠤᠰᠪᠦᠷᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号