ᠥᠪᠥᠷ ᠮᠣᠩᠭᠤᠯ ᠤᠨ ᠬᠤᠷᠳᠤᠨ ᠮᠣᠷᠢᠨ ᠤ ᠱᠠᠩᠨᠠᠯᠲᠤ ᠤᠷᠤᠯᠳᠤᠭᠠᠨ ︵ᠬᠥᠬᠡᠬᠤᠲᠠ ᠥᠷᠲᠡᠭᠡ︶ ᠥᠨᠳᠥᠷᠯᠡᠪᠡ
ᠨᠡᠶᠢᠲᠡᠯᠡᠭᠰᠡᠨ ᠴᠠᠭ᠄
2020/9/28
     9 ᠳ᠋ᠦ᠋ᠭᠡᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠮᠣᠷᠢᠨ ᠤᠷᠤᠯᠳᠤᠭᠠᠨ ᠵᠢᠴᠢ ᠳᠣᠯᠣᠳᠤᠭᠠᠷ ᠬᠤᠭᠤᠴᠠᠭ᠎ᠠ ᠶᠢᠨ ᠥᠪᠥᠷ ᠮᠣᠩᠭᠤᠯ ᠤᠨ ᠣᠯᠠᠨ ᠤᠯᠤᠰ ᠤᠨ ᠮᠣᠷᠢᠨ ᠮᠡᠷᠭᠡᠵᠢᠯ ᠤᠨ ᠨᠠᠶᠢᠷ — ︽ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠬᠤᠨᠳᠠᠭᠠᠲᠤ︾ ᠥᠪᠥᠷ ᠮᠣᠩᠭᠤᠯ ᠤᠨ ᠬᠤᠷᠳᠤᠨ ᠮᠣᠷᠢᠨ ᠤ ᠱᠠᠩᠨᠠᠯᠲᠤ ᠤᠷᠤᠯᠳᠤᠭᠠᠨ ︵ᠬᠥᠬᠡᠬᠤᠲᠠ ᠥᠷᠲᠡᠭᠡ︶ ᠤ ᠬᠠᠮᠤᠭ ᠰᠡᠭᠦᠯᠴᠢ ᠶᠢᠨ ᠡᠳᠦᠷ ᠤᠨ ᠤᠷᠤᠯᠳᠤᠭᠠᠨ ᠥᠪᠥᠷ ᠮᠣᠩᠭᠤᠯ ᠤᠨ ᠮᠣᠷᠢᠨ ᠤᠷᠤᠯᠳᠤᠭᠠᠨ ᠤ ᠲᠠᠯᠠᠪᠠᠢ ᠳᠤ ᠶᠠᠪᠤᠭᠳᠠᠪᠠ᠃     ᠣᠶᠢᠯᠠᠭᠠᠭᠰᠠᠨ ᠢᠶᠠᠷ᠂ 1.5 ᠮᠧᠲᠷ ᠠᠴᠠ ᠪᠣᠭᠤᠨᠢ ᠵᠢᠷᠤᠭ᠎ᠠ ᠮᠣᠷᠢᠨ ᠤ 1700 ᠮᠧᠲᠷ ᠤᠨ ᠤᠷᠤᠯᠳᠤᠭᠠᠨ ᠳᠤ ᠬᠦᠰᠢᠶᠡᠲᠦ  ᠮᠠᠯᠵᠢᠯ ᠤᠨ ᠵᠢᠭᠮᠡᠳ   ᠤᠨ ᠣᠨᠣᠭᠰᠠᠨ ᠮᠣᠷᠢ ᠰᠡᠯᠡᠮ᠎ᠡ ᠨᠢ ᠣᠯᠠᠨ ᠠᠴᠠ ᠰᠤᠭᠤᠷᠠᠵᠤ ᠲᠡᠷᠢᠭᠦᠯᠡᠪᠡ᠃ ᠲᠦᠮᠡᠳ ᠵᠡᠭᠦᠨ ᠬᠤᠰᠢᠭᠤᠨ ᠤ ᠠᠯᠲᠠᠨ ᠲᠠᠷᠢᠵᠤ ᠲᠡᠵᠢᠭᠡᠬᠦ ᠲᠤᠰᠬᠠᠢ ᠬᠤᠷᠰᠢᠶ᠎ᠠ ᠶᠢᠨ ᠯᠢ ᠮᠢᠩ ᠤᠨ ᠣᠨᠣᠭᠰᠠᠨ ᠮᠣᠷᠢ ᠠᠭᠠᠷ ᠨᠢ ᠬᠢᠵᠠᠭᠠᠷᠯᠠᠯ ᠦᠭᠡᠢ ᠵᠢᠷᠤᠭ᠎ᠠ ᠮᠣᠷᠢᠨ ᠤ 2700 ᠮᠧᠲᠷ ᠤᠨ ᠤᠷᠤᠯᠳᠤᠭᠠᠨ ᠳᠤ ᠲᠡᠷᠢᠭᠦᠯᠡᠵᠦ᠂ 1.5 ᠮᠧᠲᠷ ᠠᠴᠠ ᠥᠨᠳᠥᠷ ᠵᠢᠷᠤᠭ᠎ᠠ ᠮᠣᠷᠢᠨ ᠤ 1700 ᠮᠧᠲᠷ ᠤᠨ ᠤᠷᠤᠯᠳᠤᠭᠠᠨ ᠳᠤ ᠣᠨᠣᠭᠠᠴᠢ ᠲᠢᠶᠧ ᠵᠢᠶᠦ᠋ᠨ ᠤ ᠣᠨᠣᠭᠰᠠᠨ ᠮᠣᠷᠢ  ᠮᠠᠩᠯᠠᠢ ᠲᠣᠳᠣᠷᠠᠵᠠᠢ᠃ ᠰᠤᠷᠪᠤᠯᠵᠢᠯᠠᠭᠴᠢ ᠮᠢᠶᠥᠥ ᠰᠢᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号