︵ᠰᠤᠷᠪᠤᠯᠵᠢᠯᠠᠭᠴᠢ ᠯᠢᠦ ᠹᠠᠩ︶ 9 ᠳ᠋ᠦ᠋ᠭᠡᠷ ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠣᠳᠣ ᠠᠴᠠ ᠡᠬᠢᠯᠡᠵᠦ ᠭᠤᠷᠪᠠ ᠰᠠᠷ᠎ᠠ ᠶᠢᠨ | ᠬᠤᠭᠤᠴᠠᠭ᠎ᠠ ᠲᠠᠢ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠤ ᠲᠤᠰᠬᠠᠢ ᠲᠥᠷᠥᠯ ᠤᠨ ᠴᠡᠭᠴᠡᠯᠡᠨ | ᠵᠠᠰᠠᠯᠲᠠ ᠶᠢᠨ ᠠᠵᠢᠯᠯᠠᠭ᠎ᠠ ᠥᠷᠨᠢᠭᠦᠯᠵᠦ᠂ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠳᠤ ᠪᠦᠬᠦ | ᠶᠠᠪᠤᠴᠠ᠂ ᠪᠦᠬᠦ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠠᠪᠤᠭᠤᠯᠬᠤ ᠪᠣᠯᠣᠨ᠎ᠠ᠃ | ᠣᠶᠢᠯᠠᠭᠠᠭᠰᠠᠨ ᠢᠶᠠᠷ᠂ ᠲᠤᠰᠬᠠᠢ ᠲᠥᠷᠥᠯ ᠤᠨ ᠴᠡᠭᠴᠡᠯᠡᠨ ᠵᠠᠰᠠᠬᠤ ᠠᠵᠢᠯᠯᠠᠭᠠᠨ ᠤ ᠬᠤᠭᠤᠴᠠᠭᠠᠨ ᠳᠤ᠂ | ᠦᠨᠡᠮᠯᠡᠯ ᠦᠭᠡᠢ ᠪᠠᠷ ᠢᠳᠡᠭᠡᠨ ᠦᠢᠯᠡᠳᠪᠦᠷᠢᠯᠡᠬᠦ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠬᠡᠵᠦ᠂ | ᠠᠬᠤᠢ ᠲᠠᠯᠠᠪᠠᠢ ᠳᠤ ᠪᠠᠶᠢᠴᠠᠭᠠᠯᠲᠠ ᠬᠢᠬᠦ ᠪᠠ ᠶᠠᠰᠤ ᠴᠢᠨᠠᠷ ᠢ ᠰᠤᠭᠤᠴᠢᠨ ᠪᠠᠶᠢᠴᠠᠭᠠᠬᠤ ᠬᠦᠴᠦᠯᠡᠴᠡ ᠪᠠᠨ | ᠴᠢᠩᠭᠠᠳᠬᠠᠨ᠂ ᠬᠤᠯᠢᠰᠢ ᠬᠤᠯᠢᠵᠤ ᠬᠠᠭᠤᠷᠮᠠᠭ ᠵᠣᠬᠢᠶᠠᠭᠰᠠᠨ᠂ ︽ᠬᠤᠶᠠᠷ ᠬᠡᠲᠦᠷᠡᠵᠦ ᠨᠢᠭᠡ ᠬᠠᠤᠯᠢ ᠪᠤᠰᠤ︾᠂ | ᠳᠠᠬᠢᠵᠤ ᠬᠤᠷᠢᠶᠠᠭᠰᠠᠨ ᠢᠳᠡᠭᠡᠨ ᠪᠤᠶᠤ ᠬᠤᠭᠤᠴᠠᠭ᠎ᠠ ᠨᠢ ᠥᠩᠭᠡᠷᠡᠭᠰᠡᠨ ᠲᠦᠭᠦᠬᠡᠢ ᠮᠠᠲ᠋ᠧᠷᠢᠶᠠᠯ ᠵᠢᠴᠢ ᠮᠢᠺᠷᠣᠪ ᠲᠤ | ᠪᠣᠬᠢᠷᠲᠤᠭᠰᠠᠨ ᠮᠠᠲ᠋ᠧᠷᠢᠶᠠᠯ ᠢᠶᠠᠷ ᠢᠳᠡᠭᠡᠨ ᠤ ᠲᠦᠭᠦᠬᠡᠢ ᠡᠳ᠋ ᠪᠠ ᠲᠤᠰᠠᠯᠠᠬᠤ ᠮᠠᠲ᠋ᠧᠷᠢᠶᠠᠯ ᠪᠣᠯᠭᠠᠭᠰᠠᠨ᠂ ᠬᠤᠳᠠᠯ | ᠲᠡᠮᠳᠡᠭ ᠲᠠᠯᠪᠢᠭᠰᠠᠨ ᠵᠡᠷᠭᠡ ᠬᠠᠤᠯᠢ ᠪᠤᠰᠤ ᠠᠵᠢᠯᠯᠠᠭ᠎ᠠ ᠳᠤ ᠬᠦᠨᠳᠦ ᠴᠣᠬᠢᠯᠲᠠ ᠥᠭᠭᠦᠨ᠎ᠡ︔ᠢᠳᠡᠭᠡᠨ ᠤ | ᠭᠦᠢᠯᠭᠡᠭᠡᠨ ᠤ ᠭᠤᠭᠴᠣᠭᠠᠨ ᠳᠤ᠂ ᠬᠥᠳᠡᠭᠡ ᠲᠣᠰᠬᠤᠨ ᠳᠤ ᠬᠠᠨᠳᠤᠭᠤᠯᠤᠭᠰᠠᠨ ᠪᠥᠭᠡᠮ ᠢᠶᠠᠷ ᠪᠣᠷᠣᠯᠠᠭᠤᠯᠬᠤ ᠵᠠᠬ᠎ᠠ | ᠳᠡᠯᠭᠡᠭᠦᠷ᠂ ᠡᠵᠡᠩᠨᠡᠭᠴᠢ ᠪᠠᠷ ᠭᠤᠣᠯ ᠡᠵᠡᠩᠨᠡᠯᠲᠡ ᠶᠢᠨ ᠪᠠᠶᠢᠳᠠᠯ ᠪᠣᠯᠭᠠᠨ ᠴᠡᠪᠡᠷᠯᠡᠨ ᠪᠠᠶᠢᠴᠠᠭᠠᠵᠤ᠂ ᠡᠷᠦᠬᠡ | ᠳᠠᠷᠠᠭᠠᠯᠠᠨ ︽ᠢᠳᠡᠭᠡᠨ ᠢ ᠪᠣᠷᠣᠯᠠᠭᠤᠯᠬᠤ ᠬᠢᠨᠠᠯᠲᠠ ᠬᠠᠮᠢᠶᠠᠷᠤᠯᠲᠠ ᠶᠢᠨ ᠳᠠᠩᠰᠠ ᠡᠪᠬᠡᠮᠡᠯ︾ ᠪᠠᠶᠢᠭᠤᠯᠵᠤ᠂ | ᠰᠠᠭᠤᠷᠢ ᠲᠤᠭ᠎ᠠ ᠶᠢ ᠡᠵᠡᠮᠰᠢᠨ᠂ ᠭᠤᠣᠯᠳᠠᠯᠭ᠎ᠠ ᠲᠠᠢ ᠡᠵᠡᠩᠨᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ | ᠪᠠ ᠰᠤᠭᠤᠴᠢᠨ ᠪᠠᠶᠢᠴᠠᠭᠠᠬᠤ ᠪᠠᠨ ᠴᠢᠩᠭᠠᠳᠬᠠᠨ᠎ᠠ︔ ᠠᠵᠢᠯᠲᠠᠨ ᠡᠷᠡᠭᠦᠯ ᠮᠡᠨᠳᠦ ᠶᠢᠨ ᠭᠡᠷᠡᠴᠢ ᠪᠠᠨ ᠪᠠᠷᠢᠵᠤ | ᠠᠵᠢᠯᠯᠠᠵᠤ ᠪᠠᠶᠢᠭ᠎ᠠ ᠪᠠ ᠡᠳᠦᠷ ᠪᠦᠷᠢ ᠶᠢᠨ ᠥᠷᠯᠥᠭᠡ ᠶᠢᠨ ᠪᠠᠶᠢᠴᠠᠭᠠᠯᠲᠠ ᠶᠢᠨ ᠳᠦᠷᠢᠮ ᠢ ᠬᠡᠷᠡᠭᠵᠢᠬᠦᠯᠵᠦ ᠪᠠᠶᠢᠭ᠎ᠠ | ᠪᠠᠶᠢᠳᠠᠯ ᠢ ᠪᠠᠶᠢᠴᠠᠭᠠᠵᠤ᠂ ᠢᠳᠡᠭᠡᠨ ᠤ ᠲᠦᠭᠦᠬᠡᠢ ᠮᠠᠲ᠋ᠧᠷᠢᠶᠠᠯ ᠤᠨ ᠭᠡᠷᠡᠴᠢ ᠪᠠᠷᠢᠮᠲᠠ ᠦᠯᠡᠳᠡᠭᠡᠵᠦ ᠠᠪᠬᠤ᠂ | ᠬᠠᠳᠠᠭᠠᠯᠠᠬᠤ᠂ ᠡᠳ᠋ᠰᠢᠭᠦᠯᠬᠦ᠂ ᠬᠤᠭᠤᠯᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ᠂ ᠠᠵᠢᠯ ᠤᠨ | ᠬᠥᠮᠥᠰ ᠤᠨ ᠡᠷᠡᠭᠦᠯ ᠮᠡᠨᠳᠦ ᠶᠢᠨ ᠪᠠᠶᠢᠴᠠᠭᠠᠯᠲᠠ ᠵᠢᠴᠢ ᠬᠦᠢᠲᠡᠨ ᠢᠳᠡᠭᠡᠨ᠂ ᠲᠦᠭᠦᠬᠡᠢ ᠢᠳᠡᠭᠡᠨ ᠢ ᠡᠳ᠋ᠰᠢᠭᠦᠯᠵᠦ | ᠪᠣᠯᠪᠠᠰᠤᠷᠠᠭᠤᠯᠬᠤ ᠵᠡᠷᠭᠡ ᠭᠤᠣᠯᠳᠠᠯᠭ᠎ᠠ ᠲᠠᠢ ᠭᠤᠭᠴᠣᠭᠠᠨ ᠳᠠᠬᠢ ᠬᠠᠤᠯᠢ ᠪᠤᠰᠤ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠬᠡᠵᠦ᠂ ᠬᠢᠨᠠᠯᠲᠠ ᠬᠠᠮᠢᠶᠠᠷᠤᠯᠲᠠ ᠶᠢ ᠦᠨᠴᠦᠭ ᠪᠣᠯᠤᠩ ᠦᠯᠡᠳᠡᠭᠡᠬᠦ ᠦᠭᠡᠢ ᠪᠦᠬᠦᠨ ᠢ | ᠪᠦᠷᠬᠦᠭᠦᠯᠦᠨ᠎ᠡ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠲᠤᠰᠬᠠᠢ ᠴᠡᠭᠴᠡᠯᠡᠨ ᠵᠠᠰᠠᠯᠲᠠ ᠨᠢ ᠵᠢᠵᠢᠭ ᠦᠢᠯᠡᠳᠬᠡᠯ᠂ | ᠵᠢᠵᠢᠭ ᠳᠡᠯᠭᠡᠭᠦᠷ᠂ ᠵᠢᠵᠢᠭ ᠮᠠᠶᠢᠮᠠᠢ᠂ ᠪᠠᠭ᠎ᠠ ᠬᠤᠭᠤᠯᠠᠨ ᠭᠡᠷ᠂ ᠪᠠᠭ᠎ᠠ ᠮᠠᠶᠢᠮᠠᠶᠢᠴᠢᠨ ᠵᠡᠷᠭᠡ ᠢᠳᠡᠭᠡᠨ | ᠦᠢᠯᠡᠳᠪᠦᠷᠢᠯᠡᠵᠦ ᠡᠵᠡᠩᠨᠡᠬᠦ ᠭᠤᠣᠯ ᠴᠣᠭᠴᠠ ᠪᠠ ᠬᠥᠳᠡᠭᠡ ᠲᠣᠰᠬᠤᠨ ᠳᠤ ᠬᠠᠨᠳᠤᠭᠤᠯᠤᠭᠰᠠᠨ ᠢᠳᠡᠭᠡᠨ ᠢ | ᠪᠥᠭᠡᠮ ᠢᠶᠠᠷ ᠪᠣᠷᠣᠯᠠᠭᠤᠯᠬᠤ ᠡᠵᠡᠩᠨᠡᠯᠲᠡ ᠶᠢᠨ ᠭᠤᠣᠯ ᠴᠣᠭᠴᠠ᠂ ᠬᠥᠳᠡᠭᠡ ᠲᠣᠰᠬᠤᠨ ᠤ ᠴᠤᠭᠯᠠᠭ᠎ᠠ ᠮᠠᠶᠢᠮᠠᠢ ᠶᠢᠨ | ᠵᠠᠬ᠎ᠠ ᠳᠡᠯᠭᠡᠭᠦᠷ ᠢᠶᠠᠷ ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠤ ᠢᠳᠡᠭᠡᠨ ᠤ ᠠᠮᠤᠷ ᠲᠦᠪᠰᠢᠨ ᠤ | ᠳᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠨ᠎ᠠ᠃ |