ᠮᠠᠨ ᠤ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ︽ᠡᠷᠬᠡ ᠶᠢ ᠪᠥᠬᠦ ᠲᠠᠯ᠎ᠠ ᠪᠠᠷ ᠲᠠᠯᠪᠢᠬᠤ︾ ᠪᠣᠯᠤᠨ᠎ᠠ
ᠨᠡᠶᠢᠲᠡᠯᠡᠭᠰᠡᠨ ᠴᠠᠭ᠄
2020/9/28
     24 ᠤ ᠡᠳᠦᠷ᠂ ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠰᠤᠷᠭᠠᠨ ᠬᠥᠮᠦᠵᠢᠯ ᠤᠨ ᠶᠠᠮᠤᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠲᠥᠪ ᠤᠨ ᠤᠬᠠᠭᠤᠯᠬᠤ ᠬᠡᠯᠲᠡᠰ᠂ ᠲᠥᠪ ᠤᠨ ᠣᠷᠣᠨ ᠲᠣᠭᠠᠨ ᠤ ᠠᠯᠪᠠᠨ ᠭᠡᠷ ᠵᠡᠷᠭᠡ  ᠨᠠᠢᠮᠠᠨ ᠶᠠᠮᠤᠨ ᠵᠥᠪᠯᠡᠯ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠪᠠᠭ᠎ᠠ  ᠰᠣᠷᠭᠠᠭᠤᠯᠢ  ᠶᠢᠨ ᠰᠤᠷᠭᠠᠭᠤᠯᠢ ᠡᠷᠭᠢᠯᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠵᠠᠷᠯᠠᠨ ᠮᠡᠳᠡᠭᠳᠡᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠤᠷᠲᠤ ᠬᠤᠭᠤᠴᠠᠭᠠᠨ ᠤ ᠲᠤᠷᠰᠢ ᠲᠤᠰᠬᠠᠭᠰᠠᠨ ᠳᠠᠷᠤᠭᠠᠰᠤ ᠬᠦᠨᠳᠦ᠂ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠬᠦᠷᠦᠯᠴᠡᠬᠦ ᠦᠭᠡᠶ ᠵᠡᠷᠭᠡ ᠠᠰᠠᠭᠤᠳᠠᠯ ᠳᠤ  ᠴᠢᠭᠯᠡᠭᠦᠯᠥᠨ ᠵᠤᠷᠪᠤᠰ ᠳᠠᠷᠠᠭᠠᠯᠠᠨ ᠰᠢᠢᠳᠪᠣᠷᠢᠯᠡᠵᠣ᠂ ᠳᠤᠮᠳᠠᠳᠤ ᠪᠠᠭ᠎ᠠ ᠰᠤᠷᠭᠠᠭᠤᠯᠢ ᠳᠤ ︽ᠬᠦᠯᠢᠶᠡᠰᠦ ᠶᠢ ᠨᠢ ᠲᠠᠶᠢᠯᠵᠦ ᠳᠠᠷᠤᠯᠲᠠ ᠶᠢ ᠨᠢ  ᠬᠦᠩᠭᠡᠷᠡᠬᠦᠯᠵᠦ︾ ᠥᠭᠴᠡᠢ᠃ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠳᠠᠷᠤᠭ᠎ᠠ ᠯᠢᠦᠶ ᠢᠦᠶ ᠭᠠᠩ ᠢᠯᠡᠷᠬᠡᠶᠢᠯᠡᠬᠦ ᠳᠡᠭᠡᠨ᠂ ︽ ︿ᠰᠠᠨᠠᠯ﹀ ᠳᠤ ᠳᠥᠷᠪᠡᠨ ᠵᠣᠶᠢᠯ ᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠳᠤᠷᠠᠳᠤᠨ ᠭᠠᠷᠭᠠᠪᠠ᠄ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠡᠵᠡᠨ ᠮᠡᠳᠡᠬᠦ ᠡᠷᠬᠡ ᠶᠢ ᠪᠠᠲᠤᠯᠠᠬᠤ᠂ ᠰᠤᠷᠭᠠᠭᠤᠯᠢ ᠡᠷᠭᠢᠯᠡᠬᠦ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠬᠤ᠂ ᠰᠤᠷᠭᠠᠭᠤᠯᠢ ᠡᠷᠭᠢᠯᠡᠬᠦ ᠲᠤᠯᠭᠠᠭᠤᠷᠢᠯᠠᠯ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠰᠤᠷᠭᠠᠭᠤᠯᠢ ᠡᠷᠭᠢᠯᠡᠬᠦ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠬᠦ  ︾  ᠪᠣᠯᠣᠨ᠎ᠠ ᠬᠡᠵᠠᠢ᠃          ︽ᠬᠠᠮᠤᠭ ᠤᠨ ᠶᠡᠭᠡ ᠦᠨ᠎ᠡ ᠴᠠᠨ᠎ᠠ ᠲᠠᠢ ᠨᠢ ᠵᠢᠭᠠᠨ ᠰᠤᠷᠭᠠᠯᠲᠠ᠂ ᠠᠵᠢᠯᠲᠠᠨ ᠤ ᠶᠠᠪᠤᠳᠠᠯ᠂  ᠵᠠᠷᠣᠳᠠᠯ ᠤᠨ ᠡᠷᠬᠡ ᠶᠢ ᠰᠤᠷᠭᠠᠭᠤᠯᠢ   ᠳᠤ  ᠦᠭᠬᠦ ᠪᠣᠯᠤᠨ᠎ᠠ︾    ︽ᠰᠠᠨᠠᠯ︾ ᠳᠤ᠂ ᠭᠤᠷᠪᠠᠨ ᠡᠷᠬᠡ ᠶᠢ ᠲᠠᠯᠪᠢᠬᠤ ᠶᠢ ᠳᠤᠷᠠᠳᠪᠠ᠄ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠵᠡᠨ ᠮᠡᠳᠡᠬᠦ ᠡᠷᠬᠡ᠂ ᠰᠤᠷᠭᠠᠭᠤᠯᠢ ᠶᠢᠨ ᠠᠵᠢᠯᠳᠠᠨ ᠤ ᠶᠠᠪᠤᠳᠠᠯ ᠤᠨ ᠠᠵᠢᠯ ᠤᠨ ᠡᠵᠡᠨ ᠮᠡᠳᠡᠬᠦ ᠡᠷᠬᠡ ᠶᠢ ᠥᠷᠭᠡᠳᠬᠡᠬᠦ᠂ ᠪᠠᠰᠠ ᠵᠠᠷᠤᠳᠠᠯ ᠬᠡᠷᠡᠭᠯᠡᠬᠦ ᠡᠵᠡᠨ ᠮᠡᠳᠡᠬᠦ ᠡᠷᠬᠡ  ᠵᠡᠷᠭᠡ  ᠭᠤᠷᠪᠠᠨ ᠵᠣᠶᠢᠯ ᠤᠨ ᠡᠷᠬᠡ ᠶᠢ ᠰᠤᠷᠭᠠᠭᠤᠯᠢ ᠶᠢᠨ ᠬᠢᠨ ᠬᠠᠮᠤᠭ ᠠᠴᠠ ᠢᠯᠡᠭᠦᠦ  ᠠᠩᠬᠠᠷᠴᠣ ᠪᠠᠶᠢᠨ᠎ᠠ ᠭᠡᠵᠦ ᠬᠡᠯᠡᠪᠡᠯ ᠲᠠᠭᠠᠷᠠᠨ᠎ᠠ᠃ ᠣᠳᠣᠬᠠᠨ ᠳᠤ ᠡᠨᠡ ᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠰᠠᠨ ᠨᠢ ᠪᠠᠰᠠ ᠴᠤ ᠨᠡᠯᠢᠶᠡᠳ ᠥᠨᠳᠥᠷ ᠦᠨ᠎ᠡ ᠴᠠᠨ᠎ᠠ ᠲᠠᠢ ᠶᠤᠮ᠂  ᠴᠢᠯᠦᠭᠡᠲᠡᠢ ᠲᠠᠯᠪᠢᠵᠦ ᠪᠤᠯᠬᠤ ᠪᠦᠬᠦᠨ ᠢ ᠴᠢᠯᠥᠭᠡᠲᠡᠶ ᠲᠠᠯᠪᠢᠬᠤ ᠬᠡᠷᠡᠭᠲᠡᠶ᠃︾ ᠭᠡᠵᠦ ᠯᠢᠦᠶ ᠢᠦᠶ ᠭᠠᠩ ᠰᠤᠷᠪᠤᠯᠵᠢᠯᠠᠭᠴᠢ ᠳᠤ ᠬᠡᠯᠡᠪᠡ᠃    ᠰᠤᠷᠭᠠᠭᠤᠯᠢ ᠤᠳ ᠮᠠᠰᠢ ᠶᠡᠭᠡ ᠵᠥᠷᠢᠶ᠎ᠡ ᠲᠠᠢ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠨᠢ ᠠᠳᠠᠯᠢ ᠦᠭᠡᠢ᠂ ᠰᠤᠷᠭᠠᠭᠤᠯᠢ ᠶᠢᠨ ᠵᠠᠬᠢᠷᠤᠯ ᠤᠨ ᠴᠢᠳᠠᠪᠤᠷᠢ ᠪᠠᠰᠠ ᠴᠢᠩᠭ᠎ᠠ ᠪᠠᠭᠤᠷᠠᠶ ᠪᠠᠶᠢᠳᠠᠭ ᠪᠣᠯᠬᠤᠷ ᠡᠨᠡ ᠤᠳᠠᠭᠠᠨ ᠤ ᠡᠷᠬᠡ ᠶᠢ ᠲᠠᠯᠪᠢᠬᠤ ᠳᠤᠮᠳᠠ᠂ ︽ᠰᠠᠨᠠᠯ︾ ᠳᠤ ᠨᠠᠷᠢᠯᠢᠭ ᠣᠨᠣᠴᠠᠲᠠᠶ᠂ ᠬᠠᠨᠳᠤᠯᠭ᠎ᠠ ᠲᠠᠢ ᠪᠠᠷ ᠡᠷᠬᠡ ᠣᠯᠭᠤᠬᠤ ᠬᠡᠷᠡᠭᠲᠡᠶ ᠭᠡᠵᠦ ᠣᠨᠴᠠᠭᠠᠶᠢᠯᠠᠨ ᠳᠤᠷᠠᠳᠤᠨ  ᠭᠠᠷᠭᠠᠵᠤ᠂  ︽ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠪᠠᠷ ᠨᠡᠯᠢᠶᠡᠳ ᠥᠨᠳᠥᠷ ᠂ ᠰᠤᠷᠭᠠᠭᠤᠯᠢ ᠶᠢᠨ ᠥᠪᠡᠷ ᠢ ᠪᠠᠨ  ᠡᠵᠡᠮᠳᠡᠬᠦ‌‍ᠴᠢᠳᠠᠪᠤᠷᠢ ᠪᠠᠷ ᠨᠡᠯᠢᠶᠡᠳ ᠴᠢᠩᠭ᠎ᠠ᠂ ᠰᠤᠷᠭᠠᠭᠤᠯᠢ ᠶᠢᠨ ᠵᠠᠬᠢᠷᠤᠯ ᠤᠨ ᠲᠤᠰᠬᠠᠶ ᠮᠡᠷᠭᠡᠵᠢᠯ ᠤᠨ ᠵᠣᠷᠢᠭ ᠰᠠᠨᠠᠭ᠎ᠠ ᠴᠤ ᠨᠡᠯᠢᠶᠡᠳ ᠥᠨᠳᠥᠷ ᠰᠤᠷᠭᠠᠭᠤᠯᠢ ᠳᠤ ᠤᠷᠢᠳᠠᠪᠠᠷ ᠲᠠᠯᠪᠢᠵᠤ ᠥᠭᠭᠦᠨ᠎ᠡ ᠃ ᠲᠡᠳᠡᠨ ᠢ ᠤᠷᠢᠳᠠᠪᠠᠷ ᠬᠠᠶᠢᠨ ᠰᠦᠪᠡᠭᠴᠢᠯᠡᠭᠦᠯᠵᠦ᠂ ᠲᠡᠳᠡᠨ ᠤ ᠵᠣᠷᠢᠭᠲᠠᠶ ᠲᠤᠷᠰᠢᠵᠤ᠂ ᠲᠤᠷᠰᠢᠯᠭ᠎ᠠ ᠬᠤᠷᠠᠮᠳᠤᠭᠤᠯᠬᠤ ᠶᠢ ᠵᠣᠷᠢᠭᠵᠢᠭᠤᠯᠵᠤ᠂ ᠰᠠᠶᠢᠨ ᠠᠷᠭ᠎ᠠ  ᠪᠠᠷᠢᠯ ᠪᠦᠷᠢᠯᠳᠦᠭᠰᠡᠨ ᠤ ᠳᠠᠷᠠᠭ᠎ᠠ᠂ ᠪᠢᠳᠡ ᠲᠡᠭᠦᠨ ᠢ ᠤᠯᠠᠮ ᠨᠢᠭᠡ ᠠᠯᠬᠤᠮ ᠨᠠᠩ ᠥᠨᠳᠥᠷ  ᠳᠠᠪᠬᠤᠷᠭ᠎ᠠ᠂ ᠨᠠᠩ ᠶᠡᠭᠡ ᠬᠡᠪᠴᠢᠶᠡᠨ ᠳᠤ ᠳᠡᠭᠡᠭᠰᠢᠯᠡᠭᠦᠯᠦᠨ᠎ᠡ᠃ ᠡᠨᠡ ᠬᠦ ᠡᠷᠬᠡ ᠶᠢ ᠲᠠᠯᠪᠢᠬᠤ ᠶᠠᠪᠤᠳᠠᠯ ᠢ ᠲᠦᠢᠯ ᠤᠨ ᠣᠨᠣᠪᠴᠢᠲᠠᠶ᠂ ᠬᠠᠨᠳᠤᠯᠭ᠎ᠠ ᠲᠠᠢ ᠪᠠᠷ ᠲᠠᠯᠪᠢᠬᠤ ᠬᠡᠷᠡᠭᠲᠡᠢ᠃︾ ᠳᠤᠮᠳᠠᠳᠤ ᠪᠠᠭ᠎ᠠ ᠰᠤᠷᠭᠠᠭᠤᠯᠢ ᠳᠤ ᠠᠪᠴᠤ ᠬᠡᠯᠡᠪᠡᠯ᠂ ᠬᠤᠶᠢᠰᠢᠳᠠ ᠣᠷᠣᠨ ᠨᠤᠲᠤᠭ ᠤᠨ ᠵᠠᠰᠠᠭ ᠤᠨ ᠣᠷᠳᠣᠨ ᠠᠯᠢ  ᠲᠠᠯ᠎ᠠ  ᠶᠢ ᠨᠢ ︽ᠬᠠᠮᠢᠶᠠᠷᠬᠤ︾ ᠪᠤᠢ︖ ︽ᠰᠠᠨᠠᠯ︾ ᠳᠤ᠂ ︽ᠬᠤᠷᠸ᠎ᠠ ᠲᠠᠯ᠎ᠠ ᠪᠠᠷ ᠬᠠᠮᠢᠶᠠᠷᠤᠨ᠎ᠠ︾  ᠃ ᠰᠠᠯᠠᠭ᠎ᠠ ᠮᠥᠴᠢᠷ ᠤᠨ ᠪᠠᠬᠢᠯᠡᠯᠲᠡ ᠶᠢ ᠡᠪᠳᠡᠬᠦ ᠶᠢ  ᠴᠢᠬᠤᠯᠠᠴᠢᠯᠠᠵᠣ᠂ ᠲᠠᠯᠪᠢᠬᠤ ᠶᠣᠰᠣᠲᠠᠶ ᠡᠷᠬᠡ ᠶᠢ  ᠪᠦᠬᠦᠨ ᠢ ᠲᠠᠯᠪᠢᠵᠤ᠂ ᠪᠠᠰᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠴᠢᠬᠤᠯᠠᠴᠢᠯᠠᠨ ᠵᠢᠷᠤᠮᠵᠢᠭᠤᠯᠵᠤ᠂ ᠤᠴᠢᠷ  ᠶᠠᠪᠣᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ  ᠴᠢᠩᠭᠠᠳᠬᠠᠬᠤ ᠬᠡᠷᠡᠭᠲᠠᠢ ᠬᠡᠵᠣ ᠵᠢᠭᠠᠵᠤ ᠭᠠᠷᠭᠠᠵᠠᠢ  ᠃     ᠴᠣᠮᠬᠠᠳᠬᠠᠬᠤ ᠠᠵᠢᠯᠯᠠᠭ᠎ᠠ ᠨᠢ ᠰᠤᠷᠭᠠᠭᠤᠯᠢ  ᠶᠢᠨ ︽ᠬᠦᠨᠳᠦ ᠳᠠᠷᠤᠭᠠᠰᠤ ᠶᠢ ᠠᠪᠴᠤ  ᠬᠠᠶᠠᠨ᠎ᠠ︾    ᠵᠢᠭᠠᠨ ᠰᠤᠷᠭᠠᠯᠲᠠ᠂ ᠠᠵᠢᠯᠲᠠᠨ ᠤ ᠶᠠᠪᠤᠳᠠᠯ᠂ ᠵᠠᠷᠤᠳᠠᠯ ᠤᠨ ᠲᠠᠯ᠎ᠠ ᠪᠠᠷ ᠬᠢ ᠡᠷᠬᠡ ᠶᠢ ᠲᠠᠯᠪᠢᠬᠤ ᠳᠤ᠂ ᠳᠤᠮᠳᠠᠳᠤ ᠪᠠᠭ᠎ᠠ ᠰᠤᠷᠭᠠᠭᠤᠯᠢ  ᠶᠢᠨ ︽ᠬᠦᠨᠳᠦ  ᠲᠠᠷᠤᠭᠠᠰᠤ   ᠶᠢ ᠠᠪᠴᠤ ᠬᠠᠶᠠᠬᠤ︾ ᠨᠢ ᠳᠠᠮᠵᠢᠭ ᠦᠭᠡᠶ ᠶᠤᠮ᠃ ︽ᠰᠠᠨᠠᠯ︾ ᠳᠤ ᠬᠡᠳᠦᠨ ᠵᠦᠶ᠋ᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠢᠭᠡ ᠨᠢᠭᠡ ᠪᠠᠷ  ᠰᠢᠢᠳᠪᠣᠷᠢᠯᠡᠪᠡ᠃    ᠨᠢᠭᠡᠳᠦᠭᠡᠷ ᠠᠷᠭ᠎ᠠ ᠬᠡᠮᠵᠢᠶ᠎ᠡ ᠪᠣᠯ ᠳᠠᠷᠤᠶ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠡᠵᠡᠨ ᠮᠡᠳᠡᠬᠦ ᠡᠷᠬᠡ ᠶᠢ ᠪᠠᠲᠤᠯᠠᠬᠤ ᠶᠠᠪᠤᠳᠠᠯ ᠪᠣᠯᠤᠨ᠎ᠠ᠃ ᠡᠨᠡ ᠪᠣᠯ ᠡᠭᠦᠨ ᠠᠴᠠ ᠡᠮᠦᠨ᠎ᠡ ᠳᠤᠷᠠᠳᠤᠭᠳᠠᠭᠰᠠᠨ ︽ᠬᠡᠲᠦᠷᠬᠡᠶ ᠣᠯᠠᠨ ᠬᠠᠮᠢᠶᠠᠷᠤᠭᠰᠠᠨ︾ ᠭᠠᠵᠠᠷ ᠪᠣᠯᠤᠨ᠎ᠠ᠃ ︽ᠡᠩ ᠲᠡᠷᠢᠭᠦᠨ ᠳᠤ ᠰᠤᠷᠭᠠᠨ  ᠬᠦᠮᠣᠵᠢᠯ ᠤᠨ ᠵᠢᠭᠠᠨ ᠰᠤᠷᠭᠠᠯᠲᠠ ᠶᠢᠨ ᠡᠵᠡᠨ ᠮᠡᠳᠡᠬᠦ ᠡᠷᠬᠡ ᠶᠢ ᠪᠠᠲᠤᠯᠠᠨ᠎ᠠ᠃ ᠡᠨᠡ ᠨᠢ ᠭᠤᠣᠯᠳᠠᠭᠤ ᠬᠤᠶᠠᠷ ᠳᠠᠪᠬᠤᠷᠭ᠎ᠠ ᠳᠤ ᠬᠤᠯᠪᠣᠭᠳᠠᠵᠤ ᠪᠠᠶᠢᠳᠠᠭ᠄ ᠰᠤᠷᠭᠠᠭᠤᠯᠢ ᠶᠢᠨ ᠲᠠᠯ᠎ᠠ ᠳᠤ᠂ ᠰᠤᠷᠭᠠᠭᠤᠯᠢ ᠶᠢᠨ ᠥᠪᠡᠷᠮᠢᠴᠡ ᠣᠨᠴᠠᠯᠢᠭ ᠲᠠᠢ᠂ ᠬᠢᠷᠢ ᠲᠦᠪᠰᠢᠨ ᠲᠠᠢ  ᠰᠠᠶᠢᠲᠠᠢ ᠡᠷᠬᠢᠯᠡᠬᠦ ᠶᠢ ᠵᠣᠷᠢᠭᠵᠢᠭᠤᠯᠤᠨ ᠳᠡᠮᠵᠢᠵᠦ᠂ ᠰᠤᠷᠭᠠᠭᠤᠯᠢ ᠶᠢᠨ ᠬᠢᠴᠢᠶᠡᠯ ᠢ ᠬᠡᠷᠡᠭᠵᠢᠭᠦᠯᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠎ᠠ᠃ ᠪᠠᠭᠰᠢ ᠶᠢᠨ ᠲᠠᠯ᠎ᠠ ᠳᠤ᠂ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠳᠠᠬᠢ ᠭᠤᠤᠯ ᠴᠣᠭᠴᠠ  ᠶᠢᠨ ᠦᠢᠯᠡᠳᠤᠯ ᠢ ᠭ᠊ ᠭᠦᠢᠴᠡᠳ‌‍ᠪᠠᠳᠠᠷᠠᠭᠤᠯᠵᠤ᠂ ᠪᠠᠭᠰᠢ ᠶᠢᠨ ᠵᠣᠷᠢᠭᠲᠠᠶ ᠪᠠᠷ ᠰᠢᠨ᠎ᠡ ᠶᠢ ᠡᠭᠦᠳᠬᠦ ᠶᠢ  ᠵᠣᠷᠢᠭᠵᠢᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠷᠭ᠎ᠠ ᠶᠢ ᠰᠠᠶᠢᠵᠢᠷᠠᠭᠤᠯᠤᠨ᠎ᠠ  ᠃︾ ᠭᠡᠵᠦ ᠯᠢᠦᠶ ᠢᠦᠶ ᠭᠠᠩ ᠬᠡᠯᠡᠪᠡ᠃    ᠡᠭᠦᠨ ᠤ ᠬᠠᠮᠲᠤ᠂ ᠰᠤᠷᠭᠠᠭᠤᠯᠢ ᠶᠢᠨ ᠡᠯ᠎ᠡ ᠲᠥᠷᠥᠯ ᠤᠨ ᠠᠵᠢᠯᠯᠠᠭ᠎ᠠ ᠶᠢ ᠶᠡᠬᠡᠪᠡᠷ ᠴᠣᠮᠬᠠᠳᠬᠠᠨ ᠴᠢᠩᠭ᠎ᠠ ᠵᠢᠷᠣᠮᠵᠢᠭᠤᠯᠵᠤ᠂ ᠰᠤᠷᠭᠠᠭᠤᠯᠢ ᠶᠢᠨ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠤᠨ ᠬᠠᠷᠰᠢᠯᠡᠯ ᠢ ᠪᠦᠲᠦᠮᠵᠢᠲᠡᠶ ᠠᠷᠢᠯᠭᠠᠬᠤ ᠬᠡᠷᠡᠭᠲᠡᠶ ᠭᠡᠵᠦ ᠳᠤᠷᠠᠳᠪᠠ᠃ ᠳᠠᠷᠠᠭᠠᠯᠠᠪᠠᠯ ᠠᠵᠢᠯᠲᠠᠨ ᠤ ᠶᠠᠪᠤᠳᠠᠯ ᠤᠨ ᠠᠵᠢᠯ ᠤᠨ ᠡᠵᠡᠨ ᠮᠡᠳᠡᠬᠦ ᠡᠷᠬᠡ ᠶᠢ ᠥᠷᠭᠡᠳᠬᠡᠨ᠎ᠡ᠃ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠳᠡᠳ᠋ ᠳᠠᠷᠤᠭ᠎ᠠ ᠢᠦᠶ ᠸᠧᠶ ᠶᠤᠸᠠᠢ ︽ᠴᠢᠯᠥᠭᠡᠲᠡᠶ ᠲᠠᠯᠪᠢᠬᠤ ᠬᠡᠷᠡᠭᠲᠡᠶ︾ ᠭᠡᠵᠦ ᠶᠠᠷᠢᠪᠠ    ︽ᠰᠤᠷᠭᠠᠭᠤᠯᠢ ᠳᠡᠪᠰᠢᠬᠦ ᠶᠢ ᠯᠡ ᠬᠦᠭᠡᠭᠡᠴᠡᠯᠳᠦᠬᠦ︾ ︽ᠬᠤᠪᠢ ᠶᠢ ᠯᠠ ᠬᠥᠭᠡᠭᠡᠴᠡᠯᠳᠦᠬᠦ︾ ᠬᠡᠯᠪᠡᠷᠢᠯ ᠠᠴᠠ ᠡᠷᠡᠰ ᠵᠠᠶᠢᠯᠠᠰᠬᠢᠨ᠎ᠡ    ︽ᠰᠠᠨᠠᠯ︾ ᠳᠤ  ᠂ ᠡᠯ᠎ᠡ ᠭᠠᠵᠠᠷ ᠤᠨ ᠬᠢᠨ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠪᠠ ᠰᠢᠨᠵᠢᠯᠡᠬᠦ ᠤᠬᠠᠭᠠᠨᠴᠢ ᠰᠤᠷᠭᠠᠨ ᠬᠦᠮᠣᠵᠢᠯ ᠤᠨ ᠴᠢᠨᠠᠷ ᠴᠢᠨᠰᠠᠭ᠎ᠠ ᠶᠢᠨ ᠦᠵᠡᠯᠲᠡ ᠶᠢ ᠪᠣᠶ ᠪᠣᠯᠭᠠᠵᠤ᠂ ᠳᠡᠭᠡᠳᠦ ᠰᠤᠷᠭᠠᠭᠤᠯᠢ ᠳᠤ ᠰᠣᠷᠣᠭᠴᠢ  ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠪᠤᠶᠤ ᠰᠤᠷᠭᠠᠭᠤᠯᠢ ᠳᠡᠪᠰᠢᠬᠦ ᠨᠣᠷᠮ᠎ᠠ ᠪᠠᠷ ᠰᠤᠷᠭᠠᠭᠤᠯᠢ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢ ᠥᠷᠥᠭᠡᠰᠦᠭᠡᠯ ᠢᠶᠠᠷ ᠦᠨᠡᠯᠡᠵᠦ ᠪᠣᠯᠬᠤ ᠥᠬᠡᠶ᠂ ︽ᠰᠤᠷᠭᠠᠭᠤᠯᠢ ᠳᠡᠪᠰᠢᠬᠦ ᠶᠢ ᠯᠠ ᠬᠥᠭᠡᠭᠡᠴᠡᠯᠳᠦᠬᠦ︾᠂ ︽ᠬᠤᠪᠢ ᠶᠢ ᠯᠠ ᠬᠥᠭᠡᠭᠡᠴᠡᠯᠳᠦᠬᠦ︾ ᠬᠡᠯᠪᠡᠷᠢᠯ ᠠᠴᠠ ᠡᠷᠡᠰ ᠵᠠᠶᠢᠯᠠᠰᠬᠢᠬᠤ ᠬᠡᠷᠡᠭᠲᠠᠢ ᠬᠡᠵᠣ ᠴᠢᠬᠤᠯᠠᠴᠢᠯᠠᠪᠠ᠃ ᠬᠤᠪᠢ ᠶᠢ ᠬᠥᠭᠡᠭᠡᠴᠡᠯᠳᠦᠬᠦ ᠦᠬᠡᠢ ᠶᠠᠭᠤ ᠶᠢ ᠬᠥᠭᠡᠭᠡᠴᠡᠯᠳᠦᠬᠦ  ᠪᠤᠢ︖ ᠯᠢᠦᠶ ᠢᠦᠶ ᠭᠠᠩ ᠢᠯᠡᠷᠬᠡᠶᠢᠯᠡᠬᠦ ᠳᠡᠭᠡᠨ᠂ ᠣᠳᠣᠬᠠᠨ ᠳᠤ ᠰᠤᠷᠭᠠᠨ ᠬᠥᠮᠦᠵᠢᠯ ᠤᠨ ᠶᠠᠮᠤᠨ ᠶᠠᠭ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ ᠥᠨᠳᠥᠷ  ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠴᠢ  ᠰᠣᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ︵ᠬᠡᠤᠬᠡᠳ ᠤᠨ ᠴᠡᠴᠡᠷᠯᠢᠭ︶ ᠢ ᠪᠠᠭᠲᠠᠭᠠᠭᠰᠠᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠦᠨᠡᠯᠡᠬᠦ ᠪᠠᠷᠢᠮᠵᠢᠶ ᠎ᠠ — ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠬᠦ ᠵᠦᠭᠯᠡᠭᠦᠷ︾ ᠢ ᠰᠤᠳᠤᠯᠤᠨ  ᠲᠣᠭᠳᠠᠭᠠᠵᠤ  ᠪᠠᠶᠢᠨ᠎ᠠ᠂ ᠠᠭᠤᠯᠭ᠎ᠠ ᠳᠤ ᠰᠢᠶᠠᠨ ᠤ ᠬᠡᠪᠴᠢᠶᠡᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠬᠦ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠯᠡᠬᠦ᠂ ᠰᠤᠷᠤᠭᠴᠢᠳ ᠤᠨ ᠰᠤᠷᠤᠯᠭ᠎ᠠ ᠶᠢᠨ ᠬᠥᠭᠵᠢᠯᠲᠡ ᠶᠢᠨ ᠶᠠᠰᠤ ᠴᠢᠨᠠᠷ ᠢ ᠦᠨᠡᠯᠡᠬᠦ ᠭᠤᠷᠪᠠᠨ ᠳᠠᠪᠬᠤᠷᠭ᠎ᠠ ᠪᠠᠭᠲᠠᠨ᠎ᠠ᠃ ︽ᠡᠨᠡ ᠪᠢᠴᠢᠭ ᠮᠠᠲ᠋ᠧᠷᠢᠶᠠᠯ ᠢ ᠡᠷᠲᠡᠬᠡᠨ ᠨᠡᠶᠢᠲᠡᠯᠡᠬᠦ ᠶᠢ ᠬᠦᠰᠡᠵᠦ ᠪᠠᠶᠢᠨ᠎ᠠ᠃︾ ᠭᠡᠵᠦ ᠯᠢᠦᠶ ᠢᠦᠶ ᠭᠠᠩ ᠬᠠᠮᠤᠭ ᠰᠡᠭᠦᠯ ᠳᠤ ᠬᠡᠯᠡᠪᠡ᠃ ︵ᠭᠤᠸᠠᠩ ᠮᠢᠩ ᠡᠳᠦᠷ ᠤᠨ ᠰᠣᠨᠢᠨ ᠤ ᠰᠤᠷᠪᠤᠯᠵᠢᠯᠠᠭᠴᠢ ᠶᠣᠣ ᠰᠢᠶᠤᠤ ᠳ᠋ᠠᠨ︶http://mongol.people.com.cn/15825508.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号